ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/24
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃             ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠪᠠ᠃             ᠮᠠᠰᠢᠨ ᠲᠡᠷᠭᠡᠨ ᠤ ᠬᠡᠷᠡᠭᠯᠡᠭᠡ ᠶᠢᠨ ᠳᠡᠮᠵᠢᠯᠭᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠤᠰᠠᠯᠠᠮᠵᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃                  ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 22 ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 22 ᠤᠨ ᠡᠳᠦᠷ  ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠷ ᠢ  ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠪᠠ︔ ᠮᠠᠰᠢᠨ ᠲᠡᠷᠭᠡᠨ ᠤ ᠬᠡᠷᠡᠭᠯᠡᠭᠡ ᠶᠢᠨ ᠳᠡᠮᠵᠢᠯᠭᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ︔ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠤᠰᠠᠯᠠᠮᠵᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃             ᠬᠤᠷᠠᠯ ᠠᠴᠠ ᠵᠢᠭᠠᠬᠤ ᠳᠤ ᠪᠠᠨ᠂ ᠡᠮᠦᠨ᠎ᠡ ᠨᠢᠭᠡ ᠬᠤᠭᠤᠴᠠᠭᠠᠨ ᠳᠤ ᠡᠮᠦᠨᠡᠲᠦ ᠣᠷᠣᠨ ᠤ ᠣᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠴᠠᠭ ᠲᠤᠬᠠᠢ ᠳᠤ ᠨᠢ ᠠᠷᠭᠠᠴᠠᠭᠠᠵᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠪᠠᠷ ᠴᠢᠷᠮᠠᠶᠢᠵᠠᠢ᠃ ᠵᠢᠱᠢᠯᠲᠡ ᠪᠠᠷ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠤᠨ ᠲᠤᠶᠢᠯ ᠤᠨ ᠴᠠᠭ ᠠᠭᠤᠷ ᠨᠡᠯᠢᠶᠡᠳ ᠠᠷᠪᠢᠨ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠭᠤᠣᠯ  ᠪᠣᠷᠣᠭᠠᠨ ᠤ ᠪᠦᠰᠡ ᠱᠠᠲᠤᠯᠢᠭ ᠬᠡᠯᠪᠡᠷᠢ ᠪᠠᠷ ᠤᠮᠠᠷᠠᠰᠢ ᠨᠡᠭᠦᠵᠦ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠶᠢ ᠦᠷᠭᠦᠯᠵᠢᠯᠡᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯᠳᠠᠯᠭ᠎ᠠ ᠲᠠᠢ ᠰᠠᠪᠠ ᠭᠠᠵᠠᠷ ᠢ ᠴᠢᠩᠭ᠎ᠠ ᠠᠩᠬᠠᠷᠴᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠬᠤᠷᠢᠭᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠶᠡᠭᠡ ᠭᠤᠣᠯ ᠮᠥᠷᠡᠨ᠂ ᠲᠣᠮᠣ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠤᠮᠠᠷᠠᠲᠤ ᠣᠷᠣᠨ ᠤ ᠦᠶᠡᠷ ᠠᠴᠠ ᠰᠡᠷᠭᠡᠶᠢᠯᠡᠬᠦ ᠪᠡᠯᠡᠳᠬᠡᠯ ᠠᠵᠢᠯ ᠢ ᠪᠣᠳᠠᠲᠠᠢ ᠪᠠᠷ ᠠᠳᠬᠤᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠨ ᠴᠡᠭᠴᠡᠯᠡᠵᠦ᠂ ᠠᠶᠤᠯ ᠠᠴᠠ ᠠᠪᠤᠷᠠᠬᠤ ᠡᠩᠨᠡᠭᠡ᠂ ᠡᠳ᠋ ᠪᠣᠳᠠᠰ ᠵᠡᠷᠭᠡ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠬᠥᠮᠥᠰ ᠢ ᠰᠢᠯᠵᠢᠭᠦᠯᠵᠦ ᠠᠶᠤᠯ ᠠᠴᠠ ᠵᠠᠶᠢᠯᠠᠭᠤᠯᠬᠤ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠨᠠᠷᠢᠯᠢᠭᠵᠢᠭᠤᠯᠵᠤ᠂ ᠠᠶᠤᠯ ᠭᠠᠷᠤᠮᠠᠭᠴᠠ ᠬᠠᠭᠠᠵᠤ ᠵᠣᠭᠰᠤᠭᠠᠬᠤ ᠶᠣᠰᠣᠲᠠᠢ ᠭᠠᠵᠠᠷ ᠢ ᠬᠠᠭᠠᠵᠤ ᠵᠣᠭᠰᠣᠭᠠᠵᠤ᠂ ᠬᠥᠮᠥᠰ ᠢ ᠰᠢᠯᠵᠢᠭᠦᠯᠬᠦ ᠶᠣᠰᠣᠲᠠᠢ ᠶᠢ ᠨᠢ ᠰᠢᠯᠵᠢᠭᠦᠯᠬᠦ ᠬᠡᠷᠡᠭᠲᠡᠢ᠃ ᠳᠥᠷᠪᠡ ᠳᠤ᠂  ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ ᠦᠶᠡᠷ ᠲᠤ ᠡᠪᠳᠡᠭᠳᠡᠭᠰᠡᠨ ᠪᠡᠯᠡᠳᠬᠡᠮᠵᠢ ᠶᠢ ᠴᠠᠭ ᠲᠤᠬᠠᠢ ᠳᠤ ᠨᠢ ᠰᠡᠯᠪᠢᠨ ᠵᠠᠰᠠᠬᠤ ᠬᠡᠷᠡᠭᠲᠡᠢ᠃ ᠲᠠᠪᠤ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠪᠡᠯᠡ ᠮᠥᠩᠭᠦ ᠪᠠ ᠡᠳ᠋ ᠪᠣᠳᠠᠰ ᠢ ᠴᠠᠭ ᠲᠤᠬᠠᠢ ᠳᠤ ᠨᠢ ᠳᠣᠷᠣᠭᠰᠢ ᠪᠠᠭᠤᠯᠭᠠᠬᠤ ᠬᠡᠷᠡᠭᠲᠡᠢ᠃ ᠡᠭᠦᠨ ᠤ ᠬᠠᠮᠲᠤ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠡᠢ᠃             ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ᠂ ᠵᠣᠭᠤᠰᠤᠨ ᠤ ᠮᠠᠭᠤᠳᠠᠯ ᠬᠡᠴᠡᠭᠦᠳᠡᠵᠦ ᠪᠠᠶᠢᠭ᠎ᠠ ᠳᠡᠯᠡᠬᠡᠢ ᠶᠢᠨ ᠣᠷᠴᠢᠨ ᠨᠥᠬᠦᠴᠡᠯ ᠤᠨ ᠡᠮᠦᠨ᠎ᠡ᠂ ᠡᠷᠬᠡᠪᠰᠢ ᠥᠪᠡᠷ ᠤᠨ ᠤᠴᠢᠷ ᠶᠠᠪᠤᠳᠠᠯ ᠢᠶᠠᠨ ᠬᠦᠴᠦ ᠲᠠᠯᠪᠢᠨ ᠰᠠᠶᠢᠲᠤᠷ ᠬᠢᠬᠦ ᠬᠡᠷᠡᠭᠲᠡᠢ᠃ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠨᠢ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠲᠤᠶᠢᠯ ᠤᠨ ᠴᠢᠬᠤᠯᠠ ᠪᠠᠶᠢᠳᠠᠭ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠪᠣᠯ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠥᠭᠡᠳ ᠳᠡᠯᠡᠬᠡᠢ ᠶᠢᠨ ᠠᠮᠤ ᠪᠤᠳᠠᠭᠠᠨ ᠤ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠳᠤ ᠠᠰᠢᠭ ᠲᠠᠢ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠮᠤ ᠪᠤᠳᠠᠭᠠᠨ ᠤ ᠦᠢᠯᠡᠳᠪᠦᠷᠢᠯᠡᠯ ᠢ ᠬᠦᠴᠦᠲᠡᠢ ᠠᠳᠬᠤᠭᠰᠠᠨ ᠠᠴᠠ ᠡᠨᠡ ᠵᠤᠨ ᠤ ᠠᠮᠤ ᠪᠤᠳᠠᠭᠠᠨ ᠤ ᠪᠤᠭᠤᠳᠠᠢ ᠶᠢᠨ ᠬᠤᠷᠢᠶᠠᠯᠲᠠ ᠨᠡᠮᠡᠭᠳᠡᠵᠦ ᠡᠯᠪᠡᠭ ᠬᠤᠷᠢᠶᠠᠯᠲᠠ ᠣᠯᠬᠤ ᠬᠠᠨᠳᠤᠰᠢ ᠨᠢᠭᠡᠨᠲᠡ ᠲᠣᠭᠲᠠᠵᠤ᠂ ᠶᠠᠰᠤ ᠴᠢᠨᠠᠷ ᠨᠢ ᠡᠩ ᠤᠨ ᠵᠢᠯ ᠤᠨ ᠬᠢ ᠠᠴᠠ ᠰᠠᠶᠢᠨ ᠪᠣᠯᠵᠤ᠂ ᠡᠯᠳᠡᠪ ᠠᠮᠤ ᠪᠤᠷᠴᠠᠭ ᠤᠨ ᠬᠤᠷᠢᠶᠠᠯᠲᠠ ᠴᠦ ᠵᠣᠬᠢᠬᠤ ᠬᠡᠮᠵᠢᠶ᠎ᠡ ᠪᠠᠷ ᠨᠡᠮᠡᠭᠳᠡᠵᠦ᠂ ᠰᠢᠯᠢᠮᠳᠡᠭ ᠤᠨ ᠦᠷ᠎ᠡ ᠶᠢᠨ ᠬᠤᠷᠢᠶᠠᠯᠲᠠ ᠮᠡᠳᠡᠭᠳᠡᠬᠦᠶᠢᠴᠡ ᠨᠡᠮᠡᠭᠳᠡᠵᠦ᠂ ᠡᠷᠳᠡᠨᠢ ᠰᠢᠰᠢ ᠵᠡᠷᠭᠡ ᠶᠢᠨ ᠵᠤᠨ ᠤ ᠲᠠᠷᠢᠶᠠᠯᠠᠭ᠎ᠠ ᠶᠢᠨ ᠬᠤᠷᠢᠶᠠᠯᠲᠠ ᠨᠢᠭᠡᠨᠲᠡ 80 ᠬᠤᠪᠢ ᠰᠢᠬᠠᠮ ᠪᠣᠯᠵᠤ᠂ ᠡᠷᠲᠡ ᠶᠢᠨ ᠲᠤᠲᠤᠷᠭ᠎ᠠ ᠪᠠ ᠨᠠᠮᠤᠷ ᠤᠨ ᠠᠮᠤ ᠪᠤᠳᠠᠭᠠᠨ ᠤ ᠤᠷᠭᠤᠴᠠ ᠰᠠᠶᠢᠨ ᠪᠠᠶᠢᠨ᠎ᠠ᠃ ᠵᠣᠠ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠣᠭᠰᠠᠨ ᠪᠠ ᠨᠠᠮᠤᠷ ᠤᠨ ᠠᠮᠤ ᠪᠤᠳᠠᠭᠠᠨ ᠤ ᠰᠠᠭᠤᠷᠢ ᠰᠠᠶᠢᠨ ᠪᠠᠶᠢᠭ᠎ᠠ ᠨᠢ ᠨᠢᠭᠡᠨ ᠬᠢᠯᠪᠠᠷ ᠪᠤᠰᠤ ᠶᠠᠪᠤᠳᠠᠯ ᠶᠤᠮ᠂ ᠡᠨᠡ ᠨᠢ ᠪᠦᠬᠦ ᠵᠢᠯ ᠤᠨ ᠠᠮᠤ ᠪᠤᠳᠠᠭᠠᠨ ᠤ ᠲᠣᠭᠲᠠᠭᠤᠨ ᠤᠨᠠᠯᠲᠠ ᠳᠤ ᠪᠠᠲᠤ ᠪᠠᠬᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠵᠣᠨ ᠤ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠶᠢ ᠰᠠᠶᠢᠲᠤᠷ ᠠᠳᠬᠤᠵᠤ᠂ ᠣᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠨ ᠠᠪᠬᠤ᠂ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠷ ᠲᠤ᠂ ᠲᠠᠷᠢᠶᠠᠯᠠᠭ᠎ᠠ ᠶᠢᠨ ᠴᠠᠭ ᠢ ᠰᠠᠭᠠᠲᠠᠭᠠᠬᠤ ᠦᠭᠡᠢ ᠪᠠᠷ ᠵᠣᠨ ᠤ ᠲᠠᠷᠢᠶᠠᠯᠠᠭ᠎ᠠ ᠶᠢᠨ ᠲᠠᠯᠠᠪᠠᠢ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠶᠢᠨ ᠬᠠᠮᠤᠭ ᠤᠨ ᠡᠴᠦᠰ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠬᠤᠶᠠᠷ ᠤᠯᠠᠷᠢᠯ ᠤᠨ ᠣᠷᠣᠢ ᠶᠢᠨ ᠲᠤᠲᠤᠷᠭ᠎ᠠ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠪᠠ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠨᠠᠮᠤᠷ ᠤᠨ ᠠᠮᠤ ᠪᠤᠳᠠᠭᠠᠨ ᠤ ᠲᠠᠷᠢᠶᠠᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠦᠶᠡᠷ ᠤᠰᠤᠲᠤᠯ᠂ ᠵᠤᠨ ᠤ ᠹᠦ᠋ ᠶᠢᠨ ᠭᠠᠩ᠂ ᠡᠪᠡᠳᠴᠢᠨ ᠬᠤᠷᠣᠬᠠᠢ ᠵᠡᠷᠭᠡ ᠭᠠᠢ ᠭᠠᠮᠰᠢᠭ ᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠭᠠᠭ᠋ᠠᠢ ᠶᠢᠨ ᠮᠢᠬ᠎ᠠ ᠵᠡᠷᠭᠡ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠴᠢᠩᠭ᠎ᠠ ᠠᠳᠬᠤᠬᠤ ᠬᠡᠷᠡᠭᠲᠡᠢ ᠭᠡᠵᠡᠢ᠃             ᠬᠤᠷᠠᠯ ᠠᠴᠠ ᠵᠢᠭᠠᠬᠤ ᠳᠤ ᠪᠠᠨ᠂ ᠬᠡᠷᠡᠭᠯᠡᠭᠡ ᠪᠣᠯ ᠠᠵᠤ ᠠᠬᠤᠢ ᠶᠢᠨ ᠭᠤᠣᠯ ᠬᠥᠳᠡᠯᠭᠡᠭᠦ ᠬᠦᠴᠦᠨ ᠮᠥᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠢ ᠵᠥᠪ ᠵᠠᠮ ᠢᠶᠠᠷ ᠬᠥᠲᠥᠯᠬᠦ ᠶᠢ ᠠᠬᠢᠭᠤᠯᠬᠤ ᠴᠢᠬᠤᠯᠠ ᠬᠦᠴᠦᠯᠡᠬᠦ ᠴᠡᠭ ᠮᠥᠨ᠃ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠴᠢᠳᠠᠬᠤ ᠶᠢᠨ ᠳᠣᠲᠣᠷ᠎ᠠ ᠣᠯᠠᠨ ᠭᠠᠷᠭᠠᠬᠤ ᠬᠡᠷᠡᠭᠲᠡᠢ᠃ ᠮᠠᠰᠢᠨ ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠄ ᠨᠢᠭᠡ ᠳᠤ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠵᠤ᠂ ᠮᠠᠰᠢᠨ ᠲᠡᠷᠭᠡᠨ ᠤ ᠰᠢᠨ᠎ᠡ ᠬᠡᠷᠡᠭᠯᠡᠭᠡ ᠶᠢ ᠠᠬᠢᠭᠤᠯᠤᠨ᠎ᠠ᠃ ᠡᠵᠡᠩᠨᠡᠯᠲᠡ ᠶᠢᠨ ᠪᠤᠰᠤ ᠵᠢᠵᠢᠭ ᠬᠡᠯᠪᠡᠷᠢ ᠶᠢᠨ ᠭᠠᠷ ᠳᠠᠮᠵᠢᠭᠰᠠᠨ ᠮᠠᠰᠢᠨ ᠲᠡᠷᠭᠡ ᠳᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠤᠨ ᠲᠠᠪᠤᠳᠤᠭᠠᠷ ᠬᠤᠭᠤᠴᠠᠭᠠᠨ ᠤ ᠪᠣᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠮᠠᠰᠢᠨ ᠲᠡᠷᠭᠡ ᠶᠢ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠦᠶ᠎ᠡ ᠳᠤ ᠲᠤᠰᠠᠭᠠᠷ ᠴᠣᠬᠤᠯᠠᠪᠤᠷᠢᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷ ᠴᠠᠭ ᠤᠨ ᠨᠣᠮᠧᠷ ᠤᠨ ᠫᠠᠶᠢᠰᠠ ᠶᠢ ᠬᠢᠨᠠᠨ ᠣᠯᠭᠤᠨ᠎ᠠ᠃ ᠬᠤᠶᠠᠷ ᠲᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠲᠡᠮᠵᠢᠨ᠎ᠡ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠭᠤᠣᠯᠳᠠᠭᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠵᠦ᠂ ᠣᠳᠣᠬᠠᠨ ᠤ ᠪᠠᠶᠢᠳᠠᠯ ᠢ ᠪᠣᠳᠣᠯᠬᠢᠯᠠᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠵᠢᠯ ᠤᠨ ᠡᠴᠦᠰ ᠲᠤ ᠬᠤᠭᠤᠴᠠᠭ᠎ᠠ ᠲᠤᠯᠤᠭᠰᠠᠨ ᠤ ᠳᠠᠷᠠᠭ᠎ᠠ ᠬᠤᠶᠢᠰᠢᠯᠠᠭᠤᠯᠬᠤ ᠡᠰᠡᠬᠦ ᠠᠰᠠᠭᠤᠳᠠᠯ ᠢ ᠪᠣᠳᠠᠲᠠᠢ ᠰᠤᠳᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠣᠷᠣᠨ ᠨᠤᠲᠤᠭ ᠤᠨ ᠬᠠᠮᠠᠭᠠᠯᠠᠯᠲᠠ ᠶᠢ ᠦᠭᠡᠶᠢᠰᠬᠡᠨ᠎ᠡ᠃ ᠭᠤᠷᠪᠠ ᠳᠤ᠂ ᠮᠠᠰᠢᠨ ᠲᠡᠷᠭᠡ ᠶᠢᠨ ᠦᠢᠯᠡᠳᠪᠦᠷᠢ ᠶᠢᠨ ᠲᠠᠰᠤᠭ ᠠᠴᠠ ᠰᠢᠭᠤᠳ ᠭᠠᠳᠠᠭᠠᠳᠤ ᠠᠴᠠ ᠣᠷᠣᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠮᠠᠰᠢᠨ ᠲᠡᠷᠭᠡᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠲᠡᠷᠭᠡᠨ ᠵᠣᠭᠰᠣᠭᠠᠯ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠠ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠵᠢᠱᠢᠯᠲᠡ ᠪᠠᠷ ᠡᠨᠡ ᠵᠢᠯ ᠮᠠᠰᠢᠨ ᠲᠡᠷᠭᠡ ᠵᠢᠴᠢ ᠬᠤᠯᠪᠣᠭᠳᠠᠯ ᠪᠦᠬᠦᠢ ᠬᠡᠷᠡᠭᠯᠡᠭᠡ ᠶᠢ ᠪᠠᠷᠤᠭ 2000 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠨᠢ ᠰᠢᠨᠵᠢᠯᠡᠬᠦ ᠤᠬᠠᠭᠠᠨ ᠤ ᠰᠤᠳᠤᠯᠭᠠᠨ ᠢ ᠠᠬᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ᠂ ᠰᠣᠯᠪᠢᠴᠠᠯ ᠰᠢᠨᠵᠢᠯᠡᠬᠦ ᠤᠬᠠᠭᠠᠨ ᠵᠡᠷᠭᠡ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠵᠠᠯᠠᠭᠤ ᠴᠢᠳᠠᠪᠤᠷᠢᠲᠠᠨ ᠳᠠᠬᠢ ᠳᠡᠮᠵᠢᠯᠭᠡ ᠶᠢ ᠴᠢᠩᠭᠠᠳᠬᠠᠵᠤ᠂ ᠰᠠᠭᠤᠷᠢ ᠮᠥᠩᠭᠦᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠨᠡᠮᠡᠨ ᠪᠤᠳᠤᠵᠤ ᠰᠠᠭᠤᠳᠬᠠᠨ ᠠᠪᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠠᠵᠤ ᠠᠬᠤᠶᠢᠯᠠᠯ ᠢ ᠲᠠᠲᠠᠨ ᠣᠷᠣᠭᠤᠯᠬᠤ ᠶᠢ ᠬᠠᠮᠵᠢᠯᠴᠠᠨ ᠰᠤᠳᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠡᠢ᠃ 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ