ᠬᠥᠬᠡᠬᠤᠲᠠ ᠶᠢᠨ ᠴᠢᠩ ᠱᠦᠶ ᠾᠧ ᠰᠢᠶᠠᠨ ᠤ ᠯᠣᠣ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠲᠣᠭᠤᠷᠢᠭ ᠲᠦᠷᠦᠭᠦᠤ ᠪᠦᠯᠦᠭ ᠤᠨ ᠮᠤᠵᠢ ᠶᠢᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/6/27
      6 ᠳ᠋ᠤᠭᠠᠷ ᠰᠠᠷ᠎ᠠ ᠶᠢᠨ 22 ᠤᠨ ᠡᠳᠦᠷ᠂ ᠡᠯ᠎ᠡ ᠱᠠᠲᠤᠨ ᠤ ᠰᠣᠶᠣᠯ ᠤᠨ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠵᠤ ᠲᠠᠨᠢᠯᠴᠠᠭᠤᠯᠬᠤ ᠪᠠᠷ ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠭᠰᠠᠨ ᠲᠦᠷᠦᠭᠦᠤ ᠪᠦᠯᠦᠭ ᠤᠨ ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ᠂ ᠤᠯᠠᠭᠠᠨ ᠲᠠᠰ ᠤᠨ ᠵᠢᠭᠤᠯᠴᠢᠯᠠᠯ ᠤᠨ ᠠᠶᠢᠯ ᠪᠠᠭᠤᠴᠠ ᠪᠠ ᠪᠣᠬᠢᠷᠲᠤᠯ ᠥᠬᠡᠶ ᠵᠢᠭᠤᠯᠴᠢᠯᠠᠯ ᠤᠨ ᠪᠠᠭᠤᠳᠠᠯ ᠤᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠃       ᠬᠥᠬᠡᠬᠤᠲᠠ ᠶᠢᠨ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠲᠣᠭᠤᠷᠢᠭ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠰᠢᠨ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠨᠢᠭᠡᠴᠡ ᠲᠦᠷᠦᠭᠦᠦ ᠪᠦᠯᠦᠭ ᠤᠨ ᠮᠤᠵᠢ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠬᠥᠬᠡᠬᠤᠲᠠ ᠶᠢᠨ ᠰᠢᠨ ᠰᠦ᠋ ᠶᠢᠨ ᠲᠠᠯ᠎ᠠ ᠨᠤᠲᠤᠭ ᠤᠨ ᠠᠶᠢᠯ ᠪᠠᠭᠤᠴᠠ ᠠᠩᠬᠠᠨ ᠤ ᠪᠦᠯᠦᠭ ᠤᠨ ᠤᠯᠠᠭᠠᠨ ᠳᠡᠰ ᠤᠨ ᠠᠶᠢᠯ ᠪᠠᠭᠤᠴᠠ ᠪᠠᠷ ᠦᠨᠡᠯᠡᠭᠳᠡᠪᠡ᠃
呼和浩特市清水河县老牛湾黄河大峡谷旅游区获评首批省级文明旅游示范单位1.jpg
      ᠯᠣᠣ ᠨᠢᠤ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠲᠣᠭᠤᠷᠢᠭ    ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠩᠭᠠᠭᠰᠠᠨ ᠵᠢᠷᠤᠭ
呼和浩特市清水河县老牛湾黄河大峡谷旅游区获评首批省级文明旅游示范单位2.jpg
      ᠰᠢᠨ ᠰᠦ᠋ ᠲᠠᠯ᠎ᠠ ᠨᠤᠲᠤᠭ ᠤᠨ ᠠᠶᠢᠯ ᠪᠠᠭᠤᠴᠠ    ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠩᠭᠠᠭᠰᠠᠨ ᠵᠢᠷᠤᠭ
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ