ᠬᠤᠷᠢᠨᠭᠡᠷ ᠰᠢᠶᠠᠨ ᠤᠢ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/27
6.27和林格尔县召开林草专项整治工作调度会.jpg
      6 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠣᠶ ᠰᠢᠭᠤᠶ ᠡᠪᠡᠰᠦ ᠪᠡᠯᠴᠢᠭᠡᠷ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠪᠦᠬᠦ ᠰᠢᠶᠠᠨ ᠤ ᠤᠢ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠵᠢᠴᠢ ᠡᠯ᠎ᠡ ᠰᠢᠶᠠᠩ ᠪᠠᠯᠭᠠᠰᠤᠨ ᠤ ᠤᠢ ᠰᠢᠭᠤᠢ ᠡᠪᠡᠰᠦ ᠪᠡᠯᠴᠢᠭᠡᠷ ᠤᠨ ᠵᠢᠷᠤᠭ ︵ᠬᠡᠷᠡᠭ︶ ᠤᠨ ᠨᠣᠮᠧᠷ ᠢ ᠬᠠᠰᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠨᠡᠮᠡᠭᠳᠡᠭᠦᠯᠬᠦ ᠦᠨᠳᠦᠷᠴᠡ ᠠᠴᠠ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠲᠠᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠦᠨᠡᠨ ᠠᠴᠠ ᠵᠥᠪ ᠢ ᠡᠷᠢᠵᠦ᠂ ᠰᠢᠢᠳᠪᠦᠷᠢᠯᠡᠬᠦ ᠠᠷᠭ᠎ᠠ ᠪᠠ ᠰᠢᠢᠳᠪᠦᠷᠯᠡᠬᠦ ᠲᠥᠰᠦᠯ ᠢ ᠰᠢᠨᠵᠢᠯᠡᠬᠦ ᠤᠬᠠᠭᠠᠨᠴᠢ ᠪᠥᠭᠡᠳ ᠪᠤᠰᠤᠳᠴᠢ ᠪᠠᠷ ᠲᠣᠭᠲᠠᠭᠠᠬᠤ ᠬᠡᠷᠡᠭᠲᠡᠶ ᠭᠡᠪᠡ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠸᠠᠩ ᠪᠦᠦ ᠫᠢᠩ᠂ ᠯᠢ ᠯᠢ᠂ ᠪᠠᠢ ᠬᠤᠤ᠂ ᠳ᠋ᠦ᠋ ᠰᠢᠶᠤᠤ ᠭᠤᠸᠠᠩ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ