ᠯᠢ ᠯᠢᠦ ᠰᠢᠶᠤᠤ ᠪᠦᠬᠦ ᠰᠢᠶᠠᠨ ᠤ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/27
6.27李六小调研全县燃气安全生产工作.jpg
     6 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠴᠠᠩ ᠱᠧᠩ ᠸᠧᠶ ᠶᠧ ᠰᠢᠩᠭᠡᠨᠵᠢᠮᠡᠯ ᠬᠡᠶ ᠶᠢᠨ ᠥᠷᠲᠡᠭᠡ᠂ ᠭᠤᠸᠠᠩ ᠰᠢᠶᠠ ᠬᠤᠷᠢᠶᠠᠯᠠᠯ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠤᠮᠳᠠᠳᠤ ᠤᠯᠤᠰ ᠤᠨ ᠰᠢᠲᠠᠮᠠᠬᠠᠶ ᠬᠡᠶ ᠶᠢᠨ ᠺᠣᠮᠫᠠᠨᠢ ᠳᠤ ᠭᠦᠨᠵᠡᠭᠡᠶᠢᠷᠡᠨ᠂ ᠰᠢᠲᠠᠮᠠᠬᠠᠶ ᠬᠡᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠶ ᠦᠢᠯᠡᠳᠪᠦᠷᠢᠯᠡᠯ᠂ ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠵᠢᠴᠢ ᠰᠠᠭᠤᠭᠠᠯᠢ ᠡᠷᠦᠬᠡ ᠶᠢᠨ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠪᠣᠳᠠᠲᠠᠶ ᠭᠠᠵᠠᠷ ᠲᠤᠨᠢ ᠣᠶᠢᠯᠠᠭᠠᠪᠠ᠃     ᠯᠢ ᠯᠢᠦ ᠰᠢᠶᠤᠤ ᠢᠯᠡᠷᠬᠡᠶᠢᠯᠡᠬᠦ ᠳᠡᠭᠡᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠰᠢᠲᠠᠮᠠᠬᠠᠶ ᠬᠡᠶ ᠶᠢᠨ ᠠᠵᠤ ᠠᠬᠤᠶᠢᠯᠠᠯ ᠤᠳ ᠠᠶᠤᠯᠭᠦᠶ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠬᠠᠭᠤᠴᠢᠷᠠᠭᠰᠠᠨ᠂ ᠡᠪᠳᠡᠷᠡᠵᠦ ᠰᠦᠢᠳᠦᠭᠰᠡᠨ ᠲᠥᠬᠦᠭᠡᠷᠦᠮᠵᠢ ᠪᠠᠨ ᠴᠠᠭ ᠲᠤᠬᠠᠶ ᠳᠤᠨᠢ ᠰᠣᠯᠢᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ᠃     ᠡᠯ᠎ᠡ ᠬᠤᠯᠪᠣᠭᠳᠠᠯ ᠪᠥᠬᠦᠶ ᠨᠢᠭᠡᠴᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠬᠠᠤᠯᠢ ᠶᠣᠰᠣᠭᠠᠷ ᠵᠢᠷᠤᠮᠵᠢᠭᠤᠯᠬᠤ ᠪᠠ ᠪᠠᠲᠤᠯᠠᠬᠤ ᠬᠡᠷᠡᠭᠲᠡᠶ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷ ᠳᠣᠲᠣᠷᠠᠬᠢ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠬᠠᠮᠤᠭ ᠶᠡᠭᠡ ᠬᠡᠮᠵᠢᠶᠡᠨ ᠳᠤ ᠪᠠᠭᠠᠰᠬᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠭᠦᠸᠧ ᠸᠧᠨ ᠵᠢᠶᠦ᠋ᠨ᠂ ᠹᠠᠨ ᠬᠤᠤ ᠪᠥᠸᠧ᠂ ᠮᠠ ᠵᠢᠶᠦ᠋ᠨ ᠸᠧᠢ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ