ᠴᠢᠩ ᠱᠦᠢ ᠾᠧ ᠰᠢᠶᠠᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ᠂ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ ᠰᠢᠨᠵᠢᠯᠡᠨ ᠪᠠᠶᠢᠴᠠᠭᠠᠵᠤ ᠰᠤᠷᠤᠯᠴᠠᠵᠠᠢ
ᠨᠡᠶᠢᠲᠡᠯᠡᠭᠰᠡᠨ ᠴᠠᠭ᠄
2022/6/28
      6 ᠳ᠋ᠤᠭᠠᠷ ᠰᠠᠷ᠎ᠠ ᠶᠢᠨ 27 ᠤ ᠡᠳᠦᠷ᠂ ᠴᠢᠩ ᠱᠦᠢ ᠡᡁᠧ ᠰᠢᠶᠠᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ᠂ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠰᠢᠶᠠᠨ ᠤ ᠤᠳᠤᠷᠢᠳᠤᠯᠭ᠎ᠠ ᠵᠢᠶᠤᠤ ᠴᠢᠶᠠᠨ᠂ ᠵᠤᠤ ᠵᠢᠶᠠᠨ ᠵᠢᠶᠦ᠋ᠨ᠂ ᠵᠤᠤ ᠶᠢᠩ᠂ ᠪᠠᠢ ᠬᠠᠢ ᠯᠢᠨ᠂ ᠴᠢᠶᠣᠤ ᠱᠧᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
清水河县考察团赴伊利现代智慧健康谷、金海区域服务中心考察学习2.png
      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳᠠᠪᠠᠷ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠬᠦ ᠪᠥᠮᠪᠥᠷᠴᠡᠭ ᠤᠨ ᠤᠶᠤᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠰᠢᠩᠭᠡᠨ ᠰᠦ᠂ ᠰᠦᠨ ᠲᠠᠯᠬ᠎ᠠ ᠶᠢᠨ ᠦᠢᠯᠡᠳᠪᠦᠷᠢᠯᠡᠯ ᠤᠨ ᠱᠤᠭᠤᠮ ᠳᠤ ᠬᠦᠷᠴᠦ᠂ ᠲᠠᠶᠢᠯᠤᠮᠵᠢ ᠰᠣᠨᠣᠰᠬᠤ᠂ ᠪᠣᠳᠠᠲᠠᠢ ᠭᠠᠵᠠᠷ ᠲᠤᠨᠢ ᠦᠵᠡᠬᠦ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠠᠷᠢᠨ ᠣᠶᠢᠯᠠᠭᠠᠪᠠ᠃       ᠰᠢᠨᠵᠢᠯᠡᠨ ᠪᠠᠶᠢᠴᠠᠭᠠᠬᠤ ᠪᠦᠯᠬᠦᠮ ᠤᠨ ᠦᠵᠡᠬᠦ ᠪᠠᠷ᠂ ᠲᠤᠰ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠠᠮᠵᠢᠨ ᠦᠵᠡᠯ ᠰᠠᠨᠠᠭ᠎ᠠ ᠪᠠᠨ ᠴᠢᠯᠥᠭᠡᠯᠡᠭᠰᠡᠨ ᠮᠥᠷᠲᠡᠭᠡᠨ ᠬᠠᠷᠠᠭ᠎ᠠ ᠪᠠᠨ ᠥᠷᠭᠡᠳᠬᠡᠵᠡᠢ᠃ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠮᠠᠨ ᠤ ᠰᠢᠶᠠᠨ ᠤ ᠰᠤᠷᠤᠯᠴᠠᠭᠤᠰᠢᠲᠠᠢ ᠲᠤᠷᠰᠢᠯᠭ᠎ᠠ ᠪᠠ ᠠᠷᠭ᠎ᠠ ᠬᠢᠳᠡᠯ ᠮᠠᠰᠢ ᠤᠯᠠᠨ ᠪᠤᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢᠨ ᠬᠠᠮᠲᠤ ᠴᠢᠩ ᠱᠦᠢ ᠡᡁᠧ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠤ ᠦᠢᠯᠡᠰ ᠤᠨ ᠢᠵᠢ ᠪᠦᠷᠢᠳᠦᠭᠰᠡᠨ ᠣᠷᠴᠢᠨ ᠲᠣᠭᠤᠷᠢᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠦᠨᠡᠨ ᠪᠣᠳᠠᠲᠠᠢ ᠦᠷ᠎ᠡ ᠪᠦᠲᠦᠮᠵᠢ ᠪᠠᠷ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
清水河县考察团赴伊利现代智慧健康谷、金海区域服务中心考察学习4.jpg
      ᠳᠠᠷᠠᠭ᠎ᠠ ᠨᠢ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠨᠡᠶᠢᠭᠡᠮ ᠤᠨ ᠵᠠᠰᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠪᠠᠶᠢᠳᠠᠯ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠨᠠᠷᠢᠨ ᠣᠶᠢᠯᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢᠯᠡᠳᠬᠡᠬᠦ ᠳᠡᠭᠡᠨ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠡᠷᠢᠭᠦᠨ ᠤ ᠲᠤᠷᠰᠢᠯᠭ᠎ᠠ᠂ ᠠᠷᠭ᠎ᠠ ᠬᠢᠳᠡᠯ ᠢ ᠰᠤᠷᠤᠯᠴᠠᠵᠤ᠂ ᠮᠠᠨ ᠤ ᠰᠢᠶᠠᠨ ᠤ ᠬᠤᠯᠪᠣᠭᠳᠠᠯ ᠪᠦᠬᠦᠢ ᠦᠢᠯᠡᠴᠢᠯᠡᠭᠡᠨ ᠤ ᠴᠢᠳᠠᠪᠬᠢ ᠶᠢ ᠴᠢᠷᠮᠠᠶᠢᠨ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠥᠷᠭᠡᠨ ᠤᠯᠠᠨ ᠲᠦᠮᠡᠨ ᠳᠤ ᠤᠨᠢᠨ ᠳᠡᠭᠡᠷ᠎ᠡ ᠨᠢ ᠨᠠᠷᠢᠯᠢᠬᠵᠢᠭᠤᠯᠤᠭᠰᠠᠨ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ