ᠬᠤᠷᠢᠨᠭᠡᠷ ᠰᠢᠶᠠᠨ ᠪᠦᠲᠦᠭᠡᠨ ᠪᠠᠶᠢᠭᠤᠯᠤᠯᠲᠠ ᠪᠠᠷ ᠠᠯᠭᠤᠷ ᠪᠠᠶᠢᠭ᠎ᠠ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/28
 
     6.28和林格尔县召开建设缓慢项目推进会.jpg
      6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠮᠠᠨ ᠤ ᠰᠢᠶᠠᠨ ᠤ ᠪᠥᠲᠥᠭᠡᠨ ᠪᠠᠶᠢᠭᠤᠯᠤᠯᠲᠠ ᠪᠠᠷ ᠠᠯᠭᠤᠷ ᠪᠠᠶᠢᠭ᠎ᠠ ᠲᠦᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠥᠬᠦ ᠰᠢᠶᠠᠨ ᠤ ᠪᠥᠲᠥᠭᠡᠨ ᠪᠠᠶᠢᠭᠤᠯᠤᠯᠲᠠ ᠪᠠᠷ ᠠᠯᠭᠤᠷ ᠪᠠᠶᠢᠭ᠎ᠠ ᠲᠦᠷᠥᠯ ᠵᠦᠢᠯ ᠤᠨ ᠪᠠᠶᠢᠳᠠᠯ ᠤᠨ ᠲᠤᠬᠠᠶ ᠮᠡᠳᠡᠭᠳᠡᠯ ᠢ ᠰᠣᠨᠣᠰᠴᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ  ᠲᠦᠷᠥᠯ ᠵᠦᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃       ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠪᠡᠶ᠎ᠡ ᠶᠢᠨ ᠠᠰᠠᠭᠤᠳᠠᠯ ᠢᠶᠠᠨ ᠪᠠᠶᠢᠴᠠᠭᠠᠨ ᠳᠡᠯᠭᠡᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠦᠨᠡᠨᠬᠦ ᠬᠡᠷᠡᠭᠵᠢᠭᠦᠯᠵᠦ ᠪᠣᠯᠬᠤ ᠠᠷᠭ᠎ᠠ ᠶᠢ ᠲᠣᠭᠲᠠᠭᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ ᠢᠳᠡᠪᠬᠢᠲᠡᠢ ᠪᠠᠷ ᠬᠥᠭᠡᠭᠡᠵᠦ ᠭᠦᠢᠴᠡᠬᠦ ᠬᠡᠷᠡᠭᠲᠡᠢ᠃ ᠠᠯᠭᠤᠷ ᠤᠳᠠᠭᠠᠨ ᠲᠦᠷᠦᠯ ᠵᠦᠢᠯ ᠢ ᠪᠦᠳᠦᠭᠡᠨ ᠪᠠᠶᠢᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠢ ᠡᠮᠬᠢ ᠵᠢᠷᠤᠮ ᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠲᠦᠷᠦᠯ ᠵᠦᠢᠯ᠂ ᠲᠤᠮᠤ ᠲᠦᠷᠦᠯ ᠵᠦᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠨᠡᠩ ᠤᠯᠠᠨ ᠪᠡᠯᠡ ᠮᠥᠩᠭᠦ ᠪᠣᠯᠤᠨ ᠲᠦᠷᠦᠯ ᠵᠦᠢᠯ ᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠳᠠᠶᠢᠴᠢᠯᠠᠬᠤ ᠬᠡᠷᠡᠭᠲᠡᠢ ᠭᠡᠵᠦ ᠱᠠᠭᠠᠷᠳᠠᠪᠠ᠃ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠮᠥᠷᠳᠡᠨ ᠠᠰᠠᠭᠤᠬᠤ ᠦᠷ᠎ᠡ ᠪᠦᠲᠦᠮᠵᠢ ᠶᠢᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠰᠢᠶᠠᠨ ᠤ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠴᠢᠨᠠᠭᠰᠢᠳᠠ ᠬᠥᠭᠵᠢᠭᠡᠵᠦ᠂ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠹᠠᠨ ᠬᠤᠤ ᠪᠥᠸᠧ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ‍ᠤᠤᠢ ᠴᠧᠩ ᠬᠤ᠋ ᠵᠢᠴᠢ ᠰᠢᠶᠠᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ