ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/6/29
      ᠪᠦᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ︽ᠰᠤᠷᠭᠠᠭᠤᠯᠢ ᠪᠠᠨ ᠬᠠᠮᠠᠭᠠᠯᠠᠵᠤ ᠴᠡᠴᠡᠷᠯᠢᠭ ᠢᠶᠠᠨ ᠲᠥᠪᠬᠢᠨᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠴᠢᠩᠭᠠᠳᠬᠠᠵᠤ᠂ 6 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠂ ᠥᠪᠥᠷ ᠮᠣᠩᠭᠤᠯ ᠤᠨ ᠹᠦ᠋ ᠷᠦᠢ ᠠᠮᠤᠷ ᠢ ᠬᠠᠮᠠᠭᠠᠯᠠᠬᠤ ᠺᠣᠮᠫᠠᠨᠢ ᠲᠠᠢ ᠬᠠᠮᠲᠤᠷᠠᠨ ᠳᠥᠷᠪᠡᠳᠦᠭᠡᠷ ᠪᠠᠭ᠎ᠠ ᠰᠤᠷᠭᠠᠭᠤᠯᠢ ᠳᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠠᠴᠠ ᠢᠷᠡᠭᠰᠡᠨ 60 ᠭᠠᠷᠤᠶ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠳᠤ ᠪᠣᠯᠪᠠᠰᠤᠷᠠᠭᠤᠯᠤᠯ ᠬᠦᠷᠲᠡᠭᠡᠪᠡ᠃      ᠪᠣᠯᠪᠠᠰᠤᠷᠠᠭᠤᠯᠤᠯ ᠢ ᠬᠤᠶᠠᠷ ᠬᠡᠰᠡᠭ ᠢᠶᠠᠷ ᠶᠠᠪᠤᠭᠳᠠᠭᠤᠯᠵᠤ᠂ ᠨᠢᠭᠡᠳᠦᠭᠡᠷ ᠬᠡᠰᠡᠭ ᠢ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠬᠤᠪᠢᠶᠠᠵᠤ᠂ ᠬᠤᠶᠠᠳᠤᠭᠠᠷ ᠬᠡᠰᠡᠭ ᠢ ᠪᠣᠳᠠᠲᠤ ᠪᠠᠶᠢᠯᠳᠤᠭᠠᠨ ᠤ ᠰᠣᠷᠢᠯᠲᠠ ᠳᠤ ᠬᠤᠪᠢᠶᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠰᠤᠷᠭᠠᠭᠴᠢ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠲᠣᠮᠢᠶᠠᠯᠠᠯ᠂ ᠲᠤᠰᠢᠶᠠᠯ ᠬᠠᠷᠢᠭᠤᠴᠠᠯᠭ᠎ᠠ᠂ ᠱᠠᠭᠠᠷᠳᠠᠯᠭ᠎ᠠ ᠪᠠ ᠴᠠᠭᠳᠠᠭᠠᠨ ᠤ ᠪᠠᠭᠠᠵᠢ ᠬᠡᠷᠡᠭᠰᠡᠯ ᠤᠨ ᠬᠡᠷᠡᠭᠯᠡᠯᠲᠡ ᠵᠡᠷᠭᠡ ᠲᠠᠯ᠎ᠠ ᠪᠠᠷ ᠨᠠᠷᠢᠨ ᠨᠢᠮᠪᠠᠶ ᠵᠢᠭᠠᠨ ᠵᠢᠯᠣᠭᠤᠳᠬᠤ ᠶᠢᠨ ᠬᠠᠮᠲᠤ ᠰᠡᠷᠡᠮᠵᠢᠯᠡᠭᠦᠯᠬᠦ ᠸᠢᠳᠢᠣ᠋ ᠶᠢ ᠦᠵᠡᠪᠡ᠃ ᠣᠨᠴᠠ ᠲᠣᠭᠤᠷᠢᠨ ᠴᠠᠭᠳᠠᠬᠤ ᠴᠠᠭᠳᠠᠭ᠎ᠠ ᠶᠢᠨ ᠲᠤᠰᠬᠠᠶ ᠮᠡᠷᠭᠡᠵᠢᠯ ᠤᠨ ᠰᠤᠷᠭᠠᠭᠴᠢ ᠪᠣᠳᠠᠲᠠᠶ ᠠᠵᠢᠯᠯᠠᠭ᠎ᠠ ᠠᠴᠠ ᠡᠭᠦᠰᠴᠦ᠂ ᠰᠦᠷᠳᠡᠭᠦᠯᠦᠯ ᠢ ᠡᠰᠡᠷᠭᠦᠴᠡᠬᠦ ᠮᠠᠨᠠᠨ ᠰᠦᠷᠴᠢᠬᠦ᠂ ᠪᠠᠮᠪᠠᠶ᠂ ᠴᠠᠭᠳᠠᠭᠠᠨ ᠤ ᠪᠣᠷᠣᠣᠬᠠᠶ᠂ ᠪᠣᠯᠣᠳ ᠰᠡᠷᠡᠭᠡ ᠵᠡᠷᠭᠡ ᠬᠡᠷᠡᠭᠯᠡᠭᠡᠨ ᠤ ᠤᠷ᠎ᠠ ᠮᠡᠷᠭᠡᠵᠢᠯ ᠢ ᠲᠠᠶᠢᠯᠪᠤᠷᠢᠯᠠᠨ ᠵᠢᠭᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠬᠡᠷᠡᠭᠯᠡᠵᠦ᠂ ᠪᠥᠬᠦ ᠠᠮᠤᠷ ᠢ ᠬᠠᠮᠠᠭᠠᠯᠠᠬᠤ ᠠᠵᠢᠯᠲᠠᠨ ᠤ ᠤᠷ᠎ᠠ ᠴᠢᠳᠠᠪᠤᠷᠢ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠳᠤ ᠨᠠᠩ ᠰᠢᠭᠤᠳ ᠣᠶᠢᠯᠠᠭᠠᠯᠲᠠ ᠲᠠᠢ ᠪᠣᠯᠵᠣ᠂ ᠬᠠᠮᠠᠭᠠᠯᠠᠯᠲᠠ ᠶᠢᠨ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠭᠦᠨᠵᠡᠭᠡᠶ ᠡᠵᠡᠮᠰᠢᠨ᠂ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠮᠠᠨ ᠤ ᠰᠢᠶᠠᠨ ᠤ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ