︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ︾ ᠶᠢᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/3
      ᠨᠢᠭᠡ᠂ ᠨᠣᠣᠷᠠᠭᠯᠠᠭᠰᠠᠨ ᠠᠬᠤᠢ ᠪᠠᠶᠢᠳᠠᠯ      ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠂ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠡᠮᠬᠢᠯᠡᠨ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠳᠤ ᠭᠤᠣᠯᠳᠠᠭᠤ 9 ᠬᠡᠰᠡᠭ᠂ ᠨᠡᠶᠢᠲᠡ 55 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠭᠲᠠᠨ᠎ᠠ᠃      ︵ᠨᠢᠭᠡ︶ ᠤᠳᠤ ᠦᠶ᠎ᠡ ᠶᠢᠨ ᠪᠠᠷᠠᠭᠠᠨ ᠤ  ᠭᠦᠢᠯᠭᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠃ ᠰᠦᠯᠵᠢᠶᠡᠨ ᠤ ᠪᠠᠷᠠᠭ᠎ᠠ ᠲᠡᠭᠡᠭᠡᠪᠦᠷᠢ᠂ ᠬᠡᠯᠬᠢᠶ᠎ᠡ ᠲᠥᠬᠦᠮ ᠦᠵᠡᠭᠦᠯᠬᠦ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠬᠤ ᠪᠠᠶᠢᠭᠤᠯᠤᠯᠲᠠ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠬᠦ ᠲᠣᠣᠷ  ᠴᠡᠭ ᠤᠨ ᠪᠠᠶᠢᠷᠢᠰᠢᠭᠤᠯᠤᠯᠲᠠ᠂ ᠲᠦᠷᠭᠡᠨ ᠬᠦᠷᠭᠡᠯᠲᠡ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠡᠷᠭᠡ 7 ᠲᠠᠯ᠎ᠠ ᠠᠴᠠ 9 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠲᠤᠷᠠᠳᠤᠨ ᠭᠠᠷᠭᠠᠪᠠ᠃           ︵ᠬᠤᠶᠠᠷ︶ ᠮᠥᠩᠭᠦᠨ ᠬᠦᠢᠯᠭᠡᠭᠡ ᠪᠠᠷ ᠠᠵᠤ ᠠᠬᠤᠶᠢᠯᠠᠯ ᠢ ᠲᠤᠰᠠᠯᠠᠬᠤ ᠲᠠᠯ᠎ᠠ ᠪᠠᠷ᠃ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠬᠦ᠂ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠨᠤᠲᠤᠭᠰᠢᠬᠤ ᠶᠢ ᠳᠡᠮᠵᠢᠬᠦ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠡᠷᠦᠩᠬᠡᠢ ᠬᠡᠯᠲᠡᠰ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠬᠤ᠂ ᠰᠢᠨ᠎ᠡ ᠶᠢ ᠡᠭᠦᠳᠬᠦ ᠬᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠪᠣᠶᠢᠵᠢᠭᠤᠯᠬᠤ ᠣᠷᠣᠭᠤᠯᠵᠤ ᠠᠪᠴᠢᠷᠠᠬᠤ ᠵᠡᠷᠭᠡ 5 ᠲᠠᠯ᠎ᠠ ᠠᠴᠠ 8 ᠵᠤᠷᠪᠤᠰ ᠪᠣᠳᠠᠲᠠᠢ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠭᠤᠷᠪᠠ︶ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠳᠡᠮᠵᠢᠬᠦ ᠲᠠᠯ᠎ᠠ ᠪᠠᠷ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠣᠶᠢᠵᠢᠭᠤᠯᠤᠨ ᠬᠥᠲᠥᠯᠥᠨ ᠳᠠᠭᠠᠭᠤᠯᠬᠤ᠂ ᠵᠢᠭᠤᠯᠴᠢᠯᠠᠯ ᠤᠨ ᠪᠦᠲᠦᠭᠡᠭᠳᠡᠬᠦᠨ ᠤ  ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ 3 ᠲᠠᠯ᠎ᠠ ᠠᠴᠠ 4 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠳᠥᠷᠪᠡ︶ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠣᠨᠴᠠᠯᠢᠭᠲᠤ ᠬᠥᠭᠵᠢᠯᠲᠡ ᠶᠢ ᠵᠣᠷᠢᠭᠵᠢᠭᠤᠯᠬᠤ ᠲᠠᠯ᠎ᠠ ᠪᠠᠷ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠷᠭᠦᠯᠵᠢᠯᠡᠨ ᠡᠵᠡᠩᠨᠡᠵᠦ ᠪᠠᠶᠢᠭ᠎ᠠ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂  ᠠᠷᠢᠭᠤᠳᠬᠠᠯ ᠤᠨ ᠵᠠᠷᠤᠯᠭ᠎ᠠ ᠶᠢᠨ ᠨᠥᠬᠦᠪᠦᠷᠢ ᠶᠢᠨ ᠳᠡᠮᠵᠢᠯᠭᠡ ᠦᠵᠡᠭᠦᠯᠬᠦ᠂ ᠬᠢᠯᠢ ᠠᠯᠤᠰᠯᠠᠭᠰᠠᠨ ᠠᠷᠠᠯᠵᠢᠶ᠎ᠠ ᠶᠢ ᠠᠬᠢᠭᠤᠯᠬᠤ ᠵᠡᠷᠭᠡ 5 ᠲᠠᠯ᠎ᠠ ᠠᠴᠠ 9 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠲᠠᠯ᠎ᠠ ᠪᠠᠷ᠃ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠣᠷᠣᠭᠤᠯᠤᠨ ᠠᠪᠴᠢᠷᠠᠬᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠠᠵᠤ ᠦᠢᠯᠡᠰ ᠤᠨ ᠨᠡᠪᠴᠢᠬᠦᠯᠦᠬᠦᠷ ᠤᠨ ᠪᠦᠲᠦᠭᠡᠨ ᠪᠠᠶᠢᠭᠤᠯᠤᠯᠲᠠ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 10 ᠲᠠᠯ᠎ᠠ ᠠᠴᠠ10 ᠵᠤᠷᠪᠤᠰ ᠪᠣᠳᠠᠲᠠᠢ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠵᠢᠷᠭᠤᠭ᠎ᠠ︶ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠃ ᠲᠥᠷᠥ ᠶᠢᠨ ᠪᠣᠳᠣᠯᠭ᠎ᠠ ᠨᠢ ᠭᠤᠣᠯᠳᠠᠭᠤ ᠡᠮᠴᠢᠯᠡᠭᠡ ᠰᠤᠪᠢᠯᠠᠯᠲᠠ ᠶᠢᠨ ᠪᠠᠶᠢᠭᠤᠯᠤᠮᠵᠢ ᠪᠠᠶᠢᠭᠤᠯᠬᠤ᠂ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠬᠤ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠵᠡᠷᠭᠡ 3 ᠲᠠᠯ᠎ᠠ ᠠᠴᠠ 7 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠲᠤᠯᠤᠭ᠎ᠠ︶ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠠᠯ᠎ᠠ ᠪᠠᠷ᠃ ᠡᠭᠦᠨ ᠳᠤ ᠭᠤᠣᠯᠳᠠᠭᠤ ᠶᠡᠷᠦᠩᠬᠡᠢ ᠬᠡᠯᠲᠡᠰ ᠤᠨ ᠠᠵᠤ ᠠᠬᠤᠢ ᠶᠢᠨ ᠠᠵᠤ ᠠᠬᠤᠶᠢᠯᠠᠯ ᠤᠨ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠪᠠ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠬᠤ᠂ ᠥᠪᠡᠷᠲᠡᠭᠡᠨ ᠵᠠᠰᠠᠬᠤ ᠣᠷᠣᠨ ᠳᠤ ᠪᠡᠯᠡ ᠣᠷᠣᠭᠤᠯᠤᠭᠰᠠᠨ ᠡᠨᠧᠷᠭᠢ ᠶᠢᠨ ᠰᠤᠷᠪᠤᠯᠵᠢ ᠶᠢᠨ ᠲᠣᠯᠤᠭᠠᠶᠢᠯᠠᠭᠴᠢ ᠠᠵᠤ ᠠᠬᠤᠶᠢᠯᠠᠯ ᠤᠨ ᠮᠠᠨ ᠤ ᠬᠤᠲᠠ ᠳᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠠᠶᠢᠭᠤᠯᠬᠤ ᠶᠢ ᠲᠠᠲᠠᠬᠤ ᠲᠠᠢ ᠬᠤᠯᠪᠤᠭᠳᠠᠭᠰᠠᠨ  2 ᠲᠠᠯ᠎ᠠ ᠠᠴᠠ 4 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ︔      ︵ᠨᠠᠢᠮᠠ︶ ᠦᠢᠯᠡᠴᠢᠯᠡᠭᠡᠨ ᠤ ᠠᠷᠠᠯᠵᠢᠶ᠎ᠠ ᠶᠢᠨ ᠲᠠᠯ᠎ᠠ ᠪᠠᠷ᠃ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠵᠢᠴᠢ  ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠤᠨ ᠠᠵᠤ ᠠᠬᠤᠶᠢᠯᠠᠯ ᠳᠤ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠪᠠ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠬᠤ 2 ᠲᠠᠯ᠎ᠠ ᠠᠴᠠ 2 ᠵᠤᠷᠪᠤᠰ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ︵ᠶᠢᠰᠦ︶  ᠪᠤᠰᠤᠳ ᠲᠦᠷᠦ ᠶᠢᠨ ᠪᠣᠳᠣᠯᠭ᠎ᠠ ᠶᠢᠨ ᠲᠠᠯ᠎ᠠ ᠪᠠᠷ᠃ ᠬᠡᠰᠡᠭ ᠬᠡᠯᠪᠡᠷᠢ ᠶᠢᠨ ᠲᠡᠷᠭᠡ ᠣᠩᠭᠤᠴᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠶᠢᠨ ᠭᠡᠷ ᠪᠠᠶᠢᠰᠢᠩ ᠢ ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ 2 ᠲᠠᠯ᠎ᠠ ᠠᠴᠠ 2 ᠵᠤᠷᠪᠤᠰ ᠪᠣᠳᠠᠲᠠᠢ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃      ᠭᠤᠷᠪᠠ᠂ ᠭᠤᠣᠯ ᠪᠣᠯᠬᠤ ᠬᠢᠯᠠᠰ ᠴᠡᠭ      ᠨᠢᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ ︽ᠲᠥᠷᠥ ᠶᠢᠨ ᠪᠣᠳᠣᠯᠭ᠎ᠠ ᠶᠢᠨ ᠨᠠᠷᠢᠨ  ᠬᠠᠭᠤᠳᠠᠰᠤ︾ ᠨᠢ ᠣᠲᠣ ᠦᠶ᠎ᠡ ᠶᠢᠨ ᠪᠠᠷᠠᠭᠠᠨ ᠤ ᠭᠦᠢᠯᠭᠡᠭᠡ ᠮᠥᠩᠭᠦᠨ ᠭᠦᠢᠯᠭᠡᠭᠡᠨ ᠤ ᠦᠢᠯᠡᠰ᠂ ᠠᠷᠠᠯᠵᠢᠶ᠎ᠠ ᠬᠤᠳᠠᠯᠳᠤᠭᠠᠨ ᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ ᠵᠡᠷᠭᠡ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠬᠤᠯᠪᠤᠭᠳᠠᠪᠠ᠃ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠪᠦᠬᠦᠯᠢ ᠴᠣᠭᠴᠠ ᠶᠢᠨ ᠴᠢᠨᠠᠷ ᠰᠠᠶᠢᠲᠠᠢ ᠥᠨᠳᠥᠷ ᠲᠦᠪᠰᠢᠨ ᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠤᠨ᠎ᠠ᠃      ᠬᠤᠶᠠᠷ ᠲᠤ ᠪᠡᠯᠡ ᠮᠥᠩᠭᠦ ᠶᠢᠨ ᠳᠡᠮᠵᠢᠯᠭᠡ ᠭᠦᠢᠴᠡᠳ᠂ ︽ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠨᠢ ᠣᠯᠠᠨ ᠵᠦᠢᠯ ᠤᠨ ᠱᠠᠩᠨᠠᠨ ᠬᠦᠬᠢᠭᠦᠯᠬᠦ ᠲᠣᠭᠲᠠᠴᠠ᠂ ᠣᠯᠠᠨ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠳᠤ ᠬᠤᠯᠪᠣᠭᠳᠠᠵᠤ ᠪᠠᠶᠢᠨ᠎ᠠ᠃ ᠵᠠᠰᠠᠭ ᠤᠨ ᠣᠷᠳᠣᠨ ᠤ ᠵᠠᠮᠴᠢᠯᠠᠬᠤ ᠦᠢᠯᠡᠳᠦᠯ ᠢ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠶᠢ ᠬᠥᠲᠥᠯᠥᠨ ᠵᠢᠯᠤᠭᠤᠳᠤᠨ᠎ᠠ᠃      ᠭᠤᠷᠪᠠ ᠳᠤ ᠬᠥᠲᠥᠯᠥᠨ ᠵᠢᠯᠤᠭᠤᠳᠬᠤ ᠦᠢᠯᠡᠳᠦᠯ ᠢᠶᠠᠷ ᠴᠢᠩᠭ᠎ᠠ᠂ ︽ᠲᠥᠷᠥ ᠶᠢᠨ ᠪᠣᠳᠣᠯᠭ᠎ᠠ ᠶᠢᠨ ᠨᠠᠷᠢᠨ  ᠬᠠᠭᠤᠳᠠᠰᠤ︾ ᠳᠤ ᠣᠯᠠᠨ ᠵᠦᠢᠯ ᠤᠨ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠤᠨ᠂ ᠪᠡᠯᠡ ᠮᠥᠩᠭᠦ ᠶᠢᠨ ᠳᠡᠮᠵᠢᠯᠭᠡ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠥᠲᠥᠯᠥᠨ ᠵᠢᠯᠣᠭᠤᠳᠤᠨ᠎ᠠ᠃       ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ        ᠬᠠᠷᠢᠯᠴᠠᠬᠤ ᠬᠥᠮᠥᠨ᠄ ᠯᠢᠦ ᠨᠢᠩ᠂ ᠬᠠᠷᠢᠯᠴᠠᠬᠤ ᠤᠲᠠᠰᠤ᠄ 0471-4607242 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ