ᠰᠢᠶᠠᠨ ᠤ ᠤᠳᠤᠷᠢᠳᠤᠯᠭ᠎ᠠ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/30
6.30县领导实地调研我县融媒体中心建设工作.jpg
      6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠢᠦ ᠵᠢᠶᠦ᠋ᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠠᠨ ᠸᠧᠢ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠨᠢᠤ ᠵᠢᠶᠦ᠋ᠨ ᠤᠷᠢᠳ ᠬᠤᠵᠢᠳ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠣᠬᠢᠷᠠᠭᠤᠯᠬᠤ ᠲᠥᠪ᠂ ᠲᠣᠭᠯᠠᠯᠲᠠ ᠨᠡᠪᠲᠡᠷᠡᠭᠦᠯᠭᠡ ᠶᠢᠨ ᠲᠠᠰᠤᠭ ᠵᠡᠷᠭᠡ ᠭᠠᠵᠠᠷ ᠲᠤ ᠬᠦᠷᠴᠦ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠦᠢᠯᠡᠳᠦᠭᠰᠡᠨ ᠤᠬᠠᠭᠤᠯᠭ᠎ᠠ ᠶᠢᠨ ᠹᠢᠯᠢᠮ ︽ᠬᠤᠷᠢᠨᠭᠡᠷ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠳᠡᠮᠵᠢᠵᠦ ᠢᠷᠡᠭᠡᠳᠦᠢ ᠳᠤ ᠬᠠᠮᠲᠤ ᠪᠠᠷ ᠠᠰᠢᠭ ᠬᠦᠷᠳᠡᠬᠦ︾ ᠱᠠᠩᠨᠠᠯ ᠬᠦᠷᠳᠡᠭᠰᠡᠡ ᠪᠦᠲᠦᠭᠡᠯ ︽ᠵᠤᠨ ᠳᠠᠭᠤᠰᠴᠤ ᠨᠠᠮᠤᠷ ᠬᠦᠷᠴᠦ ᠢᠷᠡᠨ ᠬᠤᠷᠢᠨᠭᠡᠷ ᠠᠮᠢᠵᠢᠷᠠᠯ ᠤᠨ ᠬᠦᠴᠦᠨ ᠢᠶᠠᠷ ᠪᠢᠯᠬᠠᠨ᠎ᠠ︾ ᠵᠢᠴᠢ ᠪᠢᠴᠢᠯ ᠺᠢᠨᠣ᠋ ︽ᠭᠡᠷ ᠲᠡᠭᠡᠨ ᠬᠠᠷᠢᠬᠤ︾ ᠵᠡᠷᠭᠡ ᠶᠢ ᠦᠵᠡᠵᠦ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠵᠠᠭᠤᠴᠢᠯᠠᠭᠤᠷ ᠤᠨ ᠲᠠᠪᠴᠠᠩ ᠢ ᠨᠡᠶᠢᠳᠬᠡᠭᠰᠡᠨ ᠪᠠᠶᠢᠳᠠᠯ ᠪᠣᠯᠤᠨ ᠵᠠᠭᠤᠴᠢᠯᠠᠭᠤᠷ ᠤᠨ ᠵᠢᠭᠰᠠᠭᠠᠯ ᠤᠨ ᠠᠷᠭ᠎ᠠ ᠪᠤᠳᠤᠯᠭ᠎ᠠ᠂ ᠰᠤᠷᠪᠤᠯᠵᠢᠯᠠᠬᠤ᠂ ᠨᠠᠶᠢᠷᠠᠭᠤᠯᠬᠤ᠂ ᠨᠡᠪᠲᠡᠷᠡᠭᠦᠯᠬᠦ᠂ ᠲᠠᠷᠬᠠᠭᠠᠬᠤ ᠠᠵᠢᠯ ᠤᠨ ᠶᠠᠪᠤᠴᠠ ᠶᠢ ᠨᠠᠷᠢᠨ ᠣᠶᠢᠯᠠᠭᠠᠪᠠ᠃      ᠨᠢᠤ ᠵᠢᠶᠦ᠋ᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠠᠵᠢᠯ ᠢ ᠭᠦᠢᠴᠡᠳ ᠨᠤᠲᠠᠯᠠᠵᠤ᠂ ᠲᠡᠷᠡ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠢᠳᠡᠪᠬᠢᠲᠡᠢ ᠪᠠᠷ ᠠᠵᠢᠯ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠰᠣᠨᠢᠨ ᠮᠡᠳᠡᠭᠡᠨ ᠤ ᠤᠬᠠᠭᠤᠯᠭ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠬᠦᠯᠢᠶᠡᠨ ᠠᠪᠴᠤ ᠦᠵᠡᠬᠦ ᠨᠣᠷᠮ᠎ᠠ ᠶᠢᠨ ᠬᠥᠭᠵᠢᠯᠲᠡ᠂ ᠳᠣᠲᠣᠭᠠᠳᠤ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠮᠠᠰᠢ ᠰᠠᠶᠢᠨ ᠠᠮᠵᠢᠯᠲᠠ ᠣᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠥᠷᠭᠡᠨ ᠤᠯᠠᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠪᠣᠯᠤᠨ ᠪᠦᠬᠦ ᠰᠢᠶᠠᠨ ᠤ ᠭᠠᠳᠠᠭᠠᠳᠤ ᠳᠠᠬᠢ ᠠᠯᠳᠠᠷᠰᠢᠯ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠢᠯᠡᠳᠬᠡᠪᠡ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ