ᠤᠯᠤᠰ ᠲᠦᠷᠦ ᠶᠢᠨ ᠵᠥᠪᠯᠡᠯᠭᠡᠨ ᠤ ᠬᠤᠷᠢᠨᠭᠡᠷ ᠰᠢᠶᠠᠨ ᠤ ᠬᠤᠷᠢᠶ᠎ᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠰᠡᠳᠦᠪᠲᠦ ᠵᠥᠪᠳᠡᠯᠴᠡᠭᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/30
6.30政协和林格尔县委员会水资源节约集约利用专题协商会召开.jpg
      6 ᠰᠠᠷ᠎ᠠ ᠶᠢᠨ 29 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠢᠨᠭᠡᠷ ᠰᠢᠶᠠᠨ ᠤ ᠬᠤᠷᠢᠶ᠎ᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠰᠡᠳᠦᠪᠲᠦ ᠵᠥᠪᠯᠡᠬᠦ ᠬᠤᠷᠠᠯ ᠬᠤᠷᠠᠯᠳᠤᠪᠠ᠃ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ‍ᠤᠤᠢ ᠴᠧᠩ ᠬᠤ᠋ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠨ ᠵᠢᠴᠢ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠣᠯᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠲᠣᠭᠤᠷᠢᠨ ᠳᠤ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠠᠢ᠃     ᠬᠤᠷᠠᠯ ᠠᠴᠠ᠂ ᠲᠤᠰ ᠤᠳᠠᠭ᠎ᠠ ᠶᠢᠨ ᠲᠤᠰᠬᠠᠢ ᠰᠡᠳᠦᠪᠲᠦ ᠵᠥᠪᠳᠡᠯᠴᠡᠭᠡ ᠳᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠬᠠᠢ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ ᠤᠨ ᠲᠠᠷᠠᠭ᠎ᠠ ᠵᠥᠪᠳᠡᠯᠴᠡᠭᠡ ᠶᠢᠨ ᠦᠷ᠎ᠡ ᠪᠦᠲᠦᠭᠡᠯ ᠤᠨ ᠲᠤᠬᠠᠶ ᠰᠠᠨᠠᠯ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠵᠥᠪᠳᠡᠯᠴᠡᠭᠡ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠶ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠠ ᠥᠷᠭᠡᠨ ᠤᠯᠠᠨ ᠭᠡᠰᠢᠭᠦᠳ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠵᠥᠪᠳᠡᠯᠴᠡᠨ ᠰᠠᠨᠠᠯ ᠵᠥᠪᠯᠡᠯᠭᠡ ᠳᠤᠷᠠᠳᠴᠤ᠂ ᠮᠠᠨ ᠤ ᠰᠢᠶᠠᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠴᠢᠷᠮᠠᠶᠢᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ