ᠪᠦᠬᠦ ᠬᠤᠲᠠ ᠶᠢᠨ ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/30
       ︵ᠰᠤᠷᠪᠤᠯᠵᠢᠯᠠᠭᠴᠢ ᠠᠷᠢᠭᠤᠨ᠎ᠠ︶ 6 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠲᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠳᠠᠩᠰᠠ ᠡᠪᠬᠡᠮᠡᠯ ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠠᠩᠰᠠ ᠡᠪᠬᠡᠮᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠠᠩᠰᠠ ᠡᠪᠬᠡᠮᠡᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠴᠠᠭ᠎ᠠ ᠪᠠᠨ ᠰᠢᠯᠤᠭᠤᠳᠬᠠᠨ᠂ ᠬᠦᠴᠦᠨ ᠢᠶᠠᠨ ᠨᠢᠭᠡᠳᠦᠯᠲᠡᠢ ᠲᠥᠯᠥᠪᠯᠡᠵᠦ᠂ ︽ᠰᠡᠳᠬᠢᠯ ᠳᠡᠭᠡᠨ ᠲᠠᠩᠰᠠ ᠡᠪᠬᠡᠮᠡᠯ ᠲᠠᠢ ᠪᠠᠶᠢᠬᠤ︾ ᠦᠵᠡᠯ ᠰᠠᠨᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠨᠠᠮ ᠠᠴᠠ ᠲᠠᠩᠰᠠ ᠡᠪᠬᠡᠮᠡᠯ ᠢ ᠬᠠᠮᠢᠶᠠᠷᠬᠤ︾ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠩᠰᠠ ᠡᠪᠬᠡᠮᠡᠯ ᠤᠨ ᠠᠵᠢᠯ ᠤᠨ ᠨᠠᠮ ᠤᠨ ᠲᠥᠯᠥᠭᠡ ᠲᠠᠩᠰᠠ ᠡᠪᠬᠡᠮᠡᠯ ᠢ ᠬᠠᠮᠢᠶᠠᠷᠬᠤ᠂ ᠤᠯᠤᠰ ᠤᠨ ᠲᠥᠯᠥᠭᠡ ᠲᠡᠦᠬᠡ ᠶᠢ ᠰᠠᠬᠢᠬᠤ᠂ ᠠᠷᠠᠳ ᠲᠦᠮᠡᠨ ᠳᠤ ᠦᠢᠯᠡᠴᠢᠯᠡᠬᠦ ᠡᠭᠦᠷᠭᠡ ᠱᠠᠭᠠᠷᠳᠠᠯᠭ᠎ᠠ ᠪᠠᠨ ᠨᠢᠭᠡᠳᠬᠡᠵᠦ᠂ ᠲᠠᠩᠰᠠ ᠡᠪᠬᠡᠮᠡᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠲᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ᠣᠳᠣᠬᠠᠨ ᠤ ᠳᠠᠩᠰᠠ ᠡᠪᠬᠡᠮᠡᠯ ᠤᠨ ᠠᠵᠢᠯ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠡᠷᠭᠡᠭ ᠢᠶᠠᠷ ᠲᠠᠨᠢᠵᠤ᠂ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠬᠡᠭᠰᠡᠨ ᠦᠭᠡᠢ᠂ ᠳᠠᠩᠰᠠ ᠡᠪᠬᠡᠮᠡᠯ ᠤᠨ ᠨᠡᠭᠡᠭᠡᠨ ᠠᠰᠢᠭᠯᠠᠯᠲᠠ ᠭᠦᠢᠴᠡᠳ ᠦᠭᠡᠢ᠂ ᠳᠠᠩᠰᠠ ᠡᠪᠬᠡᠮᠡᠯ ᠢ ᠲᠣᠭᠠᠴᠢᠯᠠᠬᠤ ᠠᠵᠢᠯ ᠢ ᠠᠬᠢᠭᠤᠯᠤᠭᠰᠠᠨ ᠨᠢ ᠲᠡᠩᠴᠡᠭᠦᠷᠢ ᠦᠭᠡᠢ ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠲᠠᠩᠰᠠ ᠡᠪᠬᠡᠮᠡᠯ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠤᠪᠢᠰᠬᠠᠯ ᠤᠨ ᠲᠠᠩᠰᠠ ᠡᠪᠬᠡᠮᠡᠯ ᠤᠨ ᠡᠬᠢ ᠪᠠᠶᠠᠯᠢᠭ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠲᠠᠩᠰᠠ ᠡᠪᠬᠡᠮᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠠᠩᠰᠠ ᠡᠪᠬᠡᠮᠡᠯ ᠤᠨ ᠠᠵᠢᠯ ᠤᠨ ᠣᠳᠣᠬᠢᠴᠢᠯᠠᠯᠲᠠ ᠳᠠᠰᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠷᠠᠯ ᠠᠴᠠ ᠬᠤᠷᠠᠯ ᠳᠤ ᠣᠷᠣᠯᠴᠠᠭᠰᠠᠳ ᠲᠤ ᠭᠤᠣᠯᠳᠠᠯᠭ᠎ᠠ ᠲᠠᠢ ᠪᠣᠯᠪᠠᠰᠤᠷᠠᠯ ᠬᠦᠷᠲᠡᠭᠡᠪᠡ᠃ ᠰᠢᠨ᠎ᠡ ᠬᠤᠲᠠ ᠲᠣᠭᠤᠷᠢᠭ ᠤᠨ ᠲᠠᠩᠰᠠ ᠡᠪᠬᠡᠮᠡᠯ ᠤᠨ ᠭᠠᠵᠠᠷ᠂ ᠴᠢᠩ ᠱᠦᠢ ᠾᠧ ᠰᠢᠶᠠᠨ ᠤ ᠲᠠᠩᠰᠠ ᠡᠪᠬᠡᠮᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ