ᠬᠥᠬᠡᠬᠤᠲᠠ ᠶᠢᠨ 2022 ᠣᠨ ᠤ ᠪᠣᠯᠪᠠᠰᠤᠨ ᠰᠤᠷᠭᠠᠭᠤᠯᠢ ᠶᠢᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/30
      ︵ᠰᠤᠷᠪᠤᠯᠵᠢᠯᠠᠭᠴᠢ ᠯᠢᠦᠢ ᠬᠤᠢ ᠱᠧᠩ︶ 6 ᠳ᠋ᠤᠭᠠᠷ ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠬᠥᠬᠡᠬᠤᠲᠠ ᠶᠢᠨ 2022 ᠣᠨ ᠤ ᠪᠣᠯᠪᠠᠰᠤᠨ ᠰᠤᠷᠭᠠᠭᠤᠯᠢ ᠶᠢᠨ ᠠᠬᠤᠢ ᠲᠠᠯᠠᠪᠠᠢ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ᠂ ᠬᠤᠲᠠ ᠶᠢᠨ ᠳᠡᠳ᠋ ᠳᠠᠷᠤᠭ᠎ᠠ ᠰᠢᠶᠣᠣ ᠹᠠᠩ ᠣᠷᠣᠯᠴᠠᠵᠠᠢ᠃      ᠲᠠᠩ ᠶᠦᠩ ᠱᠠᠭᠠᠷᠳᠠᠬᠤ ᠳᠠᠭᠠᠨ᠂ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠯᠪᠠᠰᠤᠨ ᠰᠤᠷᠭᠠᠭᠤᠯᠢ ᠶᠢᠨ ᠪᠠᠶᠢᠭᠤᠯᠤᠯᠲᠠ ᠶᠢ ᠨᠡᠶᠢᠳᠡᠮ ᠪᠦᠷᠬᠦᠬᠦᠯᠬᠦ᠂ ᠭᠦᠨᠵᠡᠭᠡᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠥᠷᠭᠡᠨ ᠳᠡᠯᠭᠡᠷᠡᠩᠭᠦᠢ ᠪᠠᠷ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠠᠩᠬᠠᠷᠬᠤ᠂ ᠵᠠᠯᠠᠭᠤᠴᠤᠳ ᠪᠠᠭᠠᠴᠤᠳ ᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠢᠨ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠵᠤ᠂ ᠱᠠᠲᠤ ᠱᠠᠲᠤ ᠪᠠᠷ ᠠᠬᠢᠭᠤᠯᠬᠤ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠢ︔ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ᠂ ᠬᠤᠲᠠ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠵᠤ᠂ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠶᠢ ᠵᠢᠷᠤᠮᠵᠢᠭᠤᠯᠵᠤ᠂ ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ᠂ ᠬᠤᠲᠠ ᠶᠢᠨ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠭᠡᠷ ᠪᠦᠯᠢ ᠰᠤᠷᠭᠠᠭᠤᠯᠢ ᠨᠡᠶᠢᠭᠡᠮ ᠤᠨ ︽ᠭᠤᠷᠪᠠᠨ ᠤᠶᠠᠯᠳᠤᠯ︾ ᠢ ᠪᠠᠶᠢᠭᠤᠯᠤᠨ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠥᠰᠪᠦᠷᠢ ᠦᠶ᠎ᠡ  ᠶᠢᠨ ᠬᠢᠨ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠪᠠ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠡᠢ᠃      ᠠᠬᠤᠢ ᠲᠠᠯᠠᠪᠠᠢ ᠶᠢᠨ ᠬᠤᠷᠠᠯ ᠨᠢ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠪᠣᠯᠪᠠᠰᠤᠨ ᠰᠤᠷᠭᠠᠭᠤᠯᠢ ᠶᠢᠨ ᠢᠷᠡᠭᠡᠳᠦᠢ ᠶᠢ ᠬᠠᠮᠲᠤᠪᠠᠷ ᠵᠢᠷᠤᠭᠯᠠᠵᠤ ᠂ ᠦᠨᠳᠦᠰᠦᠲᠡᠨ ᠤ ᠪᠦᠯᠬᠦᠮᠳᠡᠯ ᠤᠨ ᠠᠶᠠᠰ ᠢ ᠬᠠᠮᠲᠤᠪᠠᠷ ᠡᠭᠡᠰᠢᠭᠯᠡᠶ᠎ᠡ︾  ᠭᠡᠳᠡᠭ ᠢᠶᠠᠷ ᠰᠡᠳᠦᠪᠯᠡᠵᠦ᠂ ᠬᠤᠷᠠᠯ ᠳᠤ ᠣᠷᠣᠯᠴᠠᠭᠰᠠᠳ ᠰᠢᠨ᠎ᠡ ᠬᠤᠳᠠ ᠲᠣᠭᠤᠷᠢᠭ ᠤᠨ ᠱᠠᠨ ᠱᠦᠢ ᠪᠠᠭ᠎ᠠ ᠰᠤᠷᠭᠠᠭᠤᠯᠢ᠂ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ᠂ ᠰᠤ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃ ᠠᠬᠤᠢ ᠲᠠᠯᠠᠪᠠᠶ ᠶᠢᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤᠮᠳᠠᠳᠤ ᠪᠠᠭ᠎ᠠ ᠰᠤᠷᠭᠠᠭᠤᠯᠢ ᠶᠢᠨ ᠴᠡᠭ ᠭᠠᠵᠠᠷ ᠲᠤ ᠠᠵᠢᠯ ᠤᠨ ᠱᠠᠭᠠᠷᠳᠠᠯᠭ᠎ᠠ ᠳᠤᠷᠠᠳᠪᠠ᠃ ᠰᠤ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠠᠴᠠ ᠲᠤᠰ ᠲᠤᠰ ᠪᠣᠯᠪᠠᠰᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠲᠤᠷᠰᠢᠯᠭ᠎ᠠ ᠪᠠᠨ ᠰᠣᠯᠢᠯᠴᠠᠬᠤ ᠶᠠᠷᠢᠶ᠎ᠠ ᠲᠠᠯᠪᠢᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ