ᠪᠣᠣ ᠭᠠᠩ ᠥᠪᠡᠷ ᠤᠨ ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2022/6/30
      ︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠨᠠᠮ ᠤᠨ ᠡᠭᠦᠷ ᠤᠨ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︿5.8﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤᠪᠠᠷ ᠰᠤᠷᠤᠯᠴᠠᠨ ᠰᠠᠨᠠᠯ ᠢᠶᠠᠨ ᠰᠣᠯᠢᠯᠴᠠᠪᠠ᠃      ᠠᠵᠢᠯᠯᠠᠭ᠎ᠠ ᠳᠤᠮᠳᠠ ᠭᠤᠣ ᠵᠧᠨ ᠢᠦᠢ᠂ ᠵᠣᠣ ᡁᠢ ᠬᠤᠸᠠᠢ᠂ ᠸᠠᠩ ᠵᠢᠶᠠᠨ ᠹᠧᠩ᠂ ᠺᠠᠩ ᠶᠠᠨ ᠹᠧᠢ᠂ ᠵᠠᠩ ᠰᠢᠨ ᠵᠡᠷᠭᠡ 5 ᠨᠠᠮ ᠤᠨ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ 2014 ᠣᠨ ᠤ 5 ᠳ᠋ᠤᠭᠠᠷ ᠰᠠᠷ᠎ᠠ ᠶᠢᠨ 8 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠪᠣᠯᠣᠨ ︽ᠭᠤᠷᠪᠠ ᠳᠤ ᠦᠢᠯᠡᠴᠢᠯᠡᠬᠦ︾ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠤᠷᠤᠯᠴᠠᠭᠰᠠᠨ ᠲᠥᠷᠥᠭᠳᠡᠯ ᠪᠣᠯᠣᠨ ᠠᠵᠢᠯ ᠤᠨ ᠣᠯᠣᠯᠲᠠ ᠲᠥᠷᠥᠭᠳᠡᠯ ᠢᠶᠠᠨ ᠶᠠᠷᠢᠪᠠ᠃      ᠪᠣᠣ ᠭᠠᠩ ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠤᠯᠠᠨ ᠢ ᠶᠡᠷᠦᠩᠬᠡᠢ ᠱᠦᠵᠢ ᠰᠢ ᠶᠢᠨ ᠫᠢᠩ ᠤᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠴᠢᠭᠯᠡᠯ ᠢ ᠴᠢᠩᠭ᠎ᠠ ᠡᠵᠡᠮᠰᠢᠵᠦ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠳᠤᠮᠳᠠ ᠦᠨᠡᠨᠴᠢ ᠰᠢᠳᠤᠷᠭᠤ ᠪᠠᠨ ᠦᠢᠯᠡᠳᠦᠯᠭᠡᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠰᠢᠨ᠎ᠡ ᠶᠢ ᠡᠭᠦᠳᠬᠦ ᠰᠡᠳᠬᠢᠴᠡ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠬᠤᠳᠠ ᠶᠢᠨ ᠨᠠᠮ ᠤᠨ ᠬᠤᠷᠢᠶ᠎ᠠ ᠶᠢᠨ ᠰᠠᠶᠢᠨ ᠵᠥᠪᠯᠡᠭᠴᠢ ᠲᠤᠰᠠᠯᠠᠭᠴᠢ ᠪᠣᠯᠵᠤ᠂ ᠰᠢᠢᠳᠪᠦᠷᠢᠲᠦ ᠪᠣᠳᠣᠯᠭ᠎ᠠ ᠳᠤ ᠨᠡᠩ ᠰᠠᠶᠢᠨ ᠦᠢᠯᠡᠴᠢᠯᠡᠵᠦ᠂ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠨᠠᠶᠢᠳᠠᠪᠤᠷᠢᠵᠢᠭᠤᠯᠤᠯᠲᠠ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ᠲᠤᠶᠢᠯ ᠤᠨ ᠬᠠᠷᠢᠭᠤᠴᠠᠯᠭ᠎ᠠ ᠲᠠᠢ᠂ ᠲᠤᠶᠢᠯ ᠢᠶᠠᠷ ᠰᠡᠳᠬᠢᠯ ᠲᠠᠯᠪᠢᠬᠤ᠂ ᠲᠤᠶᠢᠯ ᠤᠨ ᠨᠠᠷᠢᠯᠢᠭ ᠣᠪᠣᠷ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠠᠯᠲᠠ ᠪᠠᠨ ᠪᠠᠲᠤᠳᠬᠠᠵᠤ᠂ ᠣᠷᠭᠢᠯᠤᠮ᠎ᠠ ᠰᠡᠳᠬᠢᠯᠭᠡ ᠪᠠᠷ ᠠᠵᠢᠯᠯᠠᠨ᠂ ᠴᠥᠬᠦᠷᠡᠰᠢ ᠦᠭᠡᠢ ᠴᠢᠷᠮᠠᠶᠢᠵᠤ᠂ ᠰᠤᠷᠤᠯᠴᠠᠨ ᠦᠢᠯᠡᠳᠦᠯᠭᠡᠵᠢᠭᠦᠯᠬᠦ ᠳᠤᠮᠳᠠ ᠦᠰᠦᠨ ᠪᠣᠶᠢᠵᠢᠬᠤ ᠬᠡᠷᠡᠭᠲᠡᠢ᠃  ᠰᠡᠳᠬᠢᠯ ᠳᠡᠭᠡᠨ ᠵᠢᠷᠦᠬᠡᠰᠢᠶᠡᠯ ᠲᠠᠢ᠂ ᠦᠭᠡ ᠶᠠᠷᠢᠶᠠᠨ ᠳᠠᠭᠠᠨ ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠳᠤᠷᠠᠲᠠᠶ᠎ᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠣᠷᠢᠭᠵᠢᠭᠤᠯᠵᠠᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ