6 ᠳ᠋ᠤᠭᠠᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/6/30
      6 ᠳ᠋ᠤᠭᠠᠷ ᠰᠠᠷ᠎ᠠ ᠶᠢᠨ 29 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 11 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠠᠴᠠ 3᠂ ᠰᠢᠯᠢ ᠶᠢᠨ ᠭᠤᠣᠯ ᠠᠶᠢᠮᠠᠭ ᠠᠴᠠ 8 ᠭᠠᠷᠴᠠᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 14 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠠᠴᠠ 1᠂ ᠰᠢᠯᠢ ᠶᠢᠨ ᠭᠤᠣᠯ ᠠᠶᠢᠮᠠᠭ ᠠᠴᠠ 13 ᠭᠠᠷᠭᠠᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠦᠮᠦᠨ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃        6  ᠳ᠋ᠤᠭᠠᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 45 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 9᠂ ᠰᠢᠯᠢ ᠶᠢᠨ ᠭᠤᠣᠯ ᠠᠶᠢᠮᠠᠭ ᠲᠤ 36 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 34 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 32 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠴᠥᠮ ᠬᠥᠬᠡᠬᠤᠲᠠ ᠳᠤ ᠪᠣᠶ︶  ᠪᠣᠢ ᠃ ᠬᠢᠯᠢ ᠶᠢᠨ ᠭᠠᠳᠠᠨ᠎ᠠ ᠠᠴᠠ  ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠥᠬᠡᠬᠤᠲᠠ ᠳᠤ ᠪᠣᠶ︶  ᠪᠣᠢ᠃ ᠴᠥᠮ ᠲᠣᠭᠲᠠᠭᠰᠠᠨ ᠡᠮᠨᠡᠯᠭᠡ ᠶᠢᠨ  ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠬ᠋‍‌ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ‌‍ᠥ᠋ᠭ᠊
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ