ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠦᠬᠡᠬᠤᠲᠠ· ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ ᠵᠡᠮᠳᠡᠭᠴᠦᠳ ᠤᠨ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠣᠯᠣᠨ ︽ | ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠵᠦ᠂ ᠮᠠᠨ ᠤ ᠬᠤᠳᠠ ᠶᠢᠨ ᠲᠥᠯᠦᠪᠵᠢᠭᠦᠯᠭᠡ ᠶᠢ ᠲᠣᠭᠲᠠᠭᠠᠪᠠ᠃ | ᠬᠤᠳᠠ ᠶᠢᠨ ᠵᠡᠮᠳᠡᠭᠴᠦᠳ ᠤᠨ ᠬᠤᠯᠪᠣᠭ᠎ᠠ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠰᠬᠠᠢ ᠠᠩᠭᠢ ᠪᠠᠶᠢᠭᠤᠯᠵᠤ᠂ ᠤᠯᠠᠨ | ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠤᠷᠤᠯᠴᠠᠯᠭ᠎ᠠ ᠰᠤᠳᠤᠯᠭᠠᠨ ᠢ ᠵᠣᠬᠢᠶᠠᠨ ᠪᠠᠶᠢᠭᠤᠯᠵᠤ᠂ ᠨᠠᠶᠢᠷᠠᠭᠤᠯᠤᠨ ᠵᠣᠬᠢᠶᠠᠬᠤ ᠨᠣᠣᠷᠠᠭᠯᠠᠬᠤ | ᠠᠵᠢᠯ ᠢ ᠠᠬᠢᠭᠤᠯᠪᠠ᠃ ᠤᠷᠢᠳ ᠬᠤᠵᠢᠳ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠥᠬᠦ ᠪᠦᠷᠢᠯᠳᠦᠭᠦᠨ ᠨᠢᠭᠡᠴᠡ ᠶᠢᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠵᠡᠮᠳᠡᠭᠴᠦᠳ᠂ ᠵᠡᠮᠳᠡᠭᠴᠦᠳ ᠤᠨ ᠠᠵᠢᠯᠲᠠᠨ ᠵᠡᠷᠭᠡ ᠨᠡᠶᠢᠭᠡᠮ ᠤᠨ ᠣᠯᠠᠨ ᠲᠦᠮᠡᠨ ᠳᠤ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠵᠦ᠂ ᠬᠠᠤᠯᠢ ᠶᠣᠰᠤᠴᠢ ᠴᠢᠨᠠᠷ ᠬᠢᠨᠠᠨ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ᠂ ︽ᠬᠥᠬᠡᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠪᠣᠶ ᠪᠣᠯᠭᠠᠪᠠ᠃ ︽ᠲᠥᠯᠦᠪᠵᠢᠭᠦᠯᠭᠡ︾ ᠶᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠡᠷᠭᠢᠴᠡᠭᠦᠯᠦᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠬᠡᠷᠡᠭᠵᠢᠭᠦᠯᠬᠦ ᠲᠣᠭᠲᠠᠴᠠ ᠵᠡᠷᠭᠡ ᠲᠠᠪᠤᠨ ᠪᠦᠯᠦᠭ ᠲᠤ | ᠬᠤᠪᠢᠶᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠣᠯᠠᠨ ᠨᠡᠶᠢᠲᠡ ᠶᠢᠨ ᠦᠢᠯᠡᠴᠢᠯᠡᠭᠡ᠂ ᠡᠷᠬᠡ ᠲᠡᠭᠰᠢ | ᠡᠷᠬᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠣᠯᠠᠨ ᠡᠰᠢᠲᠦ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠬᠤ ᠵᠡᠷᠭᠡ ᠵᠢᠷᠭᠤᠭᠠᠨ ᠵᠦᠢᠯ ᠤᠨ | ᠭᠤᠣᠯᠳᠠᠯᠭ᠎ᠠ ᠲᠠᠢ ᠡᠭᠦᠷᠭᠡ ᠠᠴᠠ ᠭᠠᠷᠳᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠲᠠ ᠶᠢᠨ ᠵᠡᠮᠳᠡᠭᠴᠦᠳ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ | ᠪᠣᠳᠠᠲᠠᠢ ᠠᠭᠤᠯᠭ᠎ᠠ ᠳᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠨᠢ ᠵᠡᠮᠳᠡᠭᠴᠦᠳ ᠤᠨ ᠡᠷᠡᠭᠦᠯᠵᠢᠯ᠂ | ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠴᠥᠮ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠳᠠᠪᠠᠵᠠᠢ᠂ ᠵᠢᠱᠢᠶᠡᠯᠡᠪᠡᠯ᠂ | ᠵᠡᠮᠳᠡᠭ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠲᠠᠯ᠎ᠠ ᠪᠠᠷ᠂ 2020 ᠣᠨ ᠠᠴᠠ ᠡᠬᠢᠯᠡᠨ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ | ᠠᠪᠤᠷᠠᠨ ᠲᠤᠰᠠᠯᠠᠬᠤ ᠡᠲᠡᠭᠡᠳ ᠤᠨ 0 ᠠᠴᠠ 7 ᠨᠠᠰᠤᠨ ᠤ ᠰᠠᠭᠤᠷᠢᠨ ᠳᠡᠭᠡᠷ᠎ᠡ 0 ᠠᠴᠠ 10 ᠨᠠᠰᠤ ᠬᠦᠷᠲᠡᠯ᠎ᠡ ᠥᠷᠭᠡᠳᠬᠡᠵᠦ᠂ ᠠᠪᠤᠷᠠᠨ ᠲᠤᠰᠠᠯᠠᠬᠤ | ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠥᠨ ᠪᠦᠷᠢ ᠵᠢᠯ ᠳᠤ 15000 ᠲᠥᠭᠦᠷᠢᠭ ᠪᠠᠶᠢᠭᠰᠠᠨ ᠠᠴᠠ ᠬᠥᠮᠥᠨ ᠪᠦᠷᠢ ᠵᠢᠯ ᠳᠤ 2 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠶᠠᠷ ᠵᠢᠯ ᠤᠨ ᠲᠤᠷᠰᠢ᠂ ᠨᠡᠶᠢᠲᠡ 2120 ᠲᠦᠮᠡᠨ ᠲᠥᠭᠦᠷᠢᠭ ᠤᠨ ᠪᠡᠯᠡ ᠮᠥᠩᠭᠦ ᠣᠷᠤᠭᠤᠯᠵᠤ᠂ ᠡᠭᠦᠨ ᠳᠤ | ᠬᠤᠲᠠ ᠶᠢᠨ ᠲᠣᠰ ᠱᠠᠲᠤᠨ ᠤ 1079 ᠲᠦᠮᠡᠨ ᠲᠥᠭᠦᠷᠢᠭ ᠪᠠᠶᠢᠵᠤ᠂ 650 ᠭᠠᠷᠤᠢ ᠵᠡᠮᠳᠡᠭ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠳᠤ ᠠᠪᠤᠷᠠᠨ | ᠲᠤᠰᠠᠯᠠᠯᠲᠠ ᠬᠦᠷᠲᠡᠭᠡᠵᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠳᠤ᠂ ᠨᠥᠬᠦᠴᠡᠯ ᠲᠠᠢ ᠭᠠᠵᠠᠷ | ᠣᠷᠣᠨ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠱᠠᠭᠠᠷᠳᠠᠪᠠ᠂ ᠮᠠᠨ ᠤ ᠬᠤᠲᠠ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠰᠢᠭᠤᠳ ᠬᠦᠴᠦᠨ ᠦᠭᠡᠢ ᠪᠣᠯᠭᠠᠵᠤ᠂ ᠬᠡᠷᠡᠭᠴᠡᠭᠡ | ᠱᠠᠭᠠᠷᠳᠠᠯᠭ᠎ᠠ ᠲᠠᠢ᠂ ᠡᠷᠡᠭᠦᠯᠵᠢᠯ ᠤᠨ ᠪᠣᠯᠪᠠᠰᠤᠷᠠᠯ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠴᠥᠮ ᠠᠪᠤᠷᠠᠨ ᠲᠤᠰᠠᠯᠠᠯᠲᠠ ᠬᠦᠷᠲᠡᠵᠦ | ᠪᠣᠯᠣᠨ᠎ᠠ᠃ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠲᠠᠯ᠎ᠠ ᠪᠠᠷ | ᠂ ᠮᠠᠨ ᠤ ᠬᠤᠲᠠ 2017 ᠣᠨ ᠠᠴᠠ ᠳᠠᠷᠤᠢ ᠲᠣᠰ ᠠᠵᠢᠯ ᠢ ᠥᠷᠨᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠶᠢᠨ ᠵᠢᠯ ᠳᠤ 1300 | ᠲᠥᠭᠦᠷᠢᠭ ᠢᠶᠠᠷ ᠬᠡᠷᠡᠭᠵᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠨᠢ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠨᠡᠶᠢᠲᠡ 2.4 ᠲᠦᠮᠡ ᠭᠠᠷᠤᠢ ᠬᠦᠮᠦᠨ | ᠨᠦᠬᠦᠪᠦᠷᠢ ᠬᠦᠷᠲᠡᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ ᠬᠦᠴᠢᠷᠳᠡᠯᠲᠡᠢ | ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠨᠢᠭᠡᠨᠲᠡ ᠭᠤᠷᠪᠠᠳᠤᠭᠠᠷ᠂ ᠳᠥᠷᠪᠡᠳᠦᠭᠡᠷ ᠳᠡᠰ ᠤᠨ ᠣᠶᠤᠨ ᠤ ᠪᠠ ᠮᠡᠳᠡᠷᠡᠯ ᠤᠨ ᠵᠡᠮᠳᠡᠭᠴᠦᠳ ᠲᠤ | ᠬᠦᠷᠲᠡᠯ᠎ᠡ ᠤᠷᠲᠤᠳᠬᠠᠵᠤ᠂ ᠬᠥᠮᠥᠨ ᠪᠦᠷᠢ ᠳᠤ ᠵᠢᠯ ᠪᠦᠷᠢ 600 ᠲᠥᠭᠦᠷᠢᠭ ᠤᠨ ᠨᠥᠬᠦᠪᠦᠷᠢ ᠣᠯᠭᠤᠵᠤ᠂ 2021 ᠣᠨ ᠳᠤ᠂ ᠬᠤᠲᠠ ᠲᠣᠭᠤᠷᠢᠭ ᠤᠨ | ᠬᠤᠶᠠᠷ ᠱᠠᠲᠤᠨ ᠠᠴᠠ ᠨᠡᠶᠢᠲᠡ 155.58 ᠲᠦᠮᠡᠨ ᠲᠥᠭᠦᠷᠢᠭ ᠵᠠᠷᠤᠴᠠᠭᠤᠯᠵᠤ᠂ 2593 ᠬᠦᠮᠦᠨ ᠨᠥᠬᠦᠪᠦᠷᠢ ᠬᠦᠷᠲᠡᠪᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠨᠥᠬᠦᠪᠦᠷᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠵᠦ᠂ ᠡᠯ᠎ᠡ ᠵᠦᠢᠯ ᠤᠨ ᠠᠵᠢᠯ ᠢ ᠲᠦᠷᠦᠭᠦᠨ ᠳᠤᠨᠢ ᠬᠢᠵᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠡᠮᠳᠡᠭᠴᠦᠳ ᠤᠨ ᠬᠤᠯᠪᠣᠭ᠎ᠠ | ᠬᠠᠷᠢᠯᠴᠠᠬᠤ ᠬᠥᠮᠥᠨ᠄ ᠭᠤᠣ ᠽᠦᠩ᠂ ᠬᠠᠷᠢᠯᠴᠠᠬᠤ ᠤᠲᠠᠰᠤ᠄ 0471-2570071 | | | |