ᠴᠠᠭᠠᠨ ᠰᠣᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠡᠷᠢᠶᠡᠨ ᠬᠤᠲᠠ ᠬᠦᠷᠬᠦ ᠡᠭᠡᠯᠵᠢ ᠶᠢᠨ ᠨᠢᠰᠬᠡᠯ ᠢ ᠰᠡᠷᠭᠦᠭᠡᠪᠡ
ᠨᠡᠶᠢᠲᠡᠯᠡᠭᠰᠡᠨ ᠴᠠᠭ᠄
2022/6/30
      6 ᠳ᠋ᠤᠭᠠᠷ ᠰᠠᠷ᠎ᠠ ᠶᠢᠨ 28 ᠤ ᠡᠳᠦᠷ᠂ ᠬᠤᠸᠠᠰᠢᠶᠠ ᠠᠭᠠᠷ ᠤᠨ ᠠᠶᠠᠯᠠᠯ ᠤᠨ G52885 ᠬᠥᠬᠡᠬᠤᠲᠠ ᠠᠴᠠ ᠡᠷᠢᠶᠡᠨ ᠬᠤᠲᠠ ᠬᠦᠷᠬᠦ ᠡᠭᠡᠯᠵᠢ ᠶᠢᠨ ᠨᠢᠰᠬᠡᠯ ᠳᠠᠬᠢᠨ ᠨᠢᠰᠴᠦ᠂ ᠬᠥᠬᠡᠬᠤᠲᠠ ᠠᠴᠠ ᠡᠷᠢᠶᠡᠨ ᠬᠤᠲᠠ ᠬᠦᠷᠬᠦ ᠡᠭᠡᠯᠵᠢ ᠶᠢᠨ ᠨᠢᠰᠬᠡᠯ ᠠᠶᠠᠯᠠᠯ ᠢᠶᠠᠨ ᠰᠡᠷᠭᠦᠭᠡᠯ᠎ᠡ᠃      6 ᠳ᠋ᠤᠭᠠᠷ ᠰᠠᠷ᠎ᠠ ᠶᠢᠨ 2 ᠤᠨ ᠡᠳᠦᠷ ᠠᠴᠠ ᠨᠠᠰᠢ᠂ ᠡᠷᠢᠶᠡᠨ ᠬᠤᠲᠠ᠂ ᠬᠥᠬᠡᠬᠤᠲᠠ᠂ ᠤᠯᠠᠭᠠᠨᠬᠠᠳᠠ᠂ ᠲᠦᠩᠯᠢᠶᠣᠣ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠵᠠᠯᠭᠠᠪᠡᠷ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ  ᠪᠣᠯᠵᠤ᠂ ᠬᠥᠮᠥᠰ ᠤᠨ ᠶᠠᠪᠤᠵᠤ ᠰᠠᠭᠤᠬᠤ ᠪᠠᠭᠠᠰᠴᠤ᠂ ᠠᠭᠠᠷ ᠤᠨ ᠲᠡᠭᠡᠭᠡᠪᠦᠷᠢ ᠬᠦᠨᠳᠦ ᠨᠣᠴᠢᠲᠠᠢ ᠨᠦᠯᠦᠭᠡᠯᠡᠭᠳᠡᠪᠡ᠃ ᠡᠭᠦᠨ ᠳᠤ ᠬᠥᠬᠡᠬᠤᠲᠠ ᠠᠴᠠ ᠡᠷᠢᠶᠡᠨ ᠬᠤᠲᠠ ᠬᠦᠷᠬᠦ ᠨᠢᠰᠬᠡᠯ ᠵᠠᠯᠭᠠᠪᠡᠷ 26 ᠡᠳᠦᠷ ᠠᠶᠠᠯᠠᠯ ᠢᠶᠠᠨ ᠵᠣᠭᠰᠤᠭᠰᠠᠨ ᠶᠤᠮ᠃      6 ᠳ᠋ᠤᠭᠠᠷ ᠰᠠᠷ᠎ᠠ ᠶᠢᠨ 25 ᠤ ᠡᠳᠦᠷ᠂ ᠡᠷᠢᠶᠡᠨ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 35 ᠳ᠋ᠤᠭᠠᠷ ᠲᠣᠭᠠᠲᠤ ᠠᠯᠪᠠᠨ ᠵᠠᠷᠯᠠᠯ ᠨᠡᠶᠢᠲᠡᠯᠡᠭᠰᠡᠨ ᠤ ᠳᠠᠷᠠᠭ᠎ᠠ᠂ ᠡᠯ᠎ᠡ ᠲᠠᠯ᠎ᠠ ᠶᠢᠨ ᠬᠢᠨ ᠤ ᠲᠦᠯᠭᠢᠨ ᠠᠬᠢᠭᠤᠯᠤᠭᠰᠠᠨ ᠢᠶᠠᠷ᠂ ᠬᠤᠸᠠᠰᠢᠶᠠ ᠠᠭᠠᠷ ᠤᠨ ᠠᠶᠠᠯᠠᠯ ᠤᠨ ᠺᠣᠮᠫᠠᠨᠢ 6 ᠳ᠋ᠤᠭᠠᠷ ᠰᠠᠷ᠎ᠠ ᠶᠢᠨ 28 ᠤ ᠡᠳᠦᠷ ᠬᠥᠬᠡᠬᠤᠲᠠ ᠠᠴᠠ ᠡᠷᠢᠶᠡᠨ ᠬᠤᠲᠠ ᠬᠦᠷᠬᠦ ᠡᠭᠡᠯᠵᠢ ᠶᠢᠨ ᠨᠢᠰᠬᠡᠯ ᠢ ᠰᠡᠷᠭᠦᠭᠡᠵᠦ᠂ ᠬᠤᠶᠠᠷ ᠭᠠᠵᠠᠷ ᠤᠨ ᠠᠶᠠᠨᠴᠢᠳ ᠤᠨ  ᠨᠠᠰᠢ ᠴᠠᠰᠢ ᠵᠣᠷᠴᠢᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ ᠡᠷᠢᠶᠡᠨ ᠬᠤᠲᠠ  ᠨᠢ ᠤᠯᠠᠭᠠᠨᠬᠠᠳᠠ ᠶᠢᠨ ᠳᠠᠷᠠᠭᠠᠬᠢ ᠪᠠᠰᠠ ᠨᠢᠭᠡᠨ ᠠᠭᠠᠷ ᠤᠨ ᠠᠶᠠᠯᠠᠯ ᠢᠶᠠᠨ ᠰᠡᠷᠭᠦᠭᠡᠭᠰᠡᠨ ᠣᠷᠣᠨ ᠤ ᠳᠣᠲᠣᠷᠠᠬᠢ ᠬᠤᠲᠠ ᠪᠣᠯᠤᠭᠰᠠᠨ ᠪᠠᠶᠢᠨ᠎ᠠ᠃ ᠡᠶᠢᠨᠬᠦ ᠬᠥᠬᠡᠬᠤᠲᠠ ᠶᠢᠨ ᠨᠢᠰᠬᠡᠯ ᠤᠨ ᠪᠠᠭᠤᠳᠠᠯ ᠨᠢ ᠪᠤᠭᠤᠲᠤ᠂ ᠤᠯᠠᠭᠠᠨᠴᠠᠪ  ᠠᠴᠠ ᠪᠤᠰᠤᠳ ᠣᠷᠣᠨ ᠤ ᠳᠣᠲᠣᠷᠠᠬᠢ ᠰᠠᠯᠪᠤᠷᠢ ᠠᠶᠠᠯᠠᠯ ᠤᠨ ᠱᠤᠭᠤᠮ ᠤᠨ ᠨᠢᠰᠬᠡᠯ ᠤᠨ ᠪᠠᠭᠤᠳᠠᠯ ᠤᠨ ᠡᠭᠡᠯᠵᠢ ᠶᠢᠨ ᠨᠢᠰᠬᠡᠯ ᠢᠶᠠᠨ ᠪᠦᠬᠦᠨ  ᠢ ᠰᠡᠷᠭᠦᠭᠡᠭᠰᠡᠨ ᠪᠠᠶᠢᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ