ᠡᠨᠡ ᠵᠢᠯ ᠤᠨ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ 6 ᠳ᠋ᠤᠭᠠᠷ ᠰᠠᠷ᠎ᠠ ᠶᠢᠨ 25 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2022/6/6
      2022 ᠣᠨ ᠳᠤ᠂ ᠬᠥᠬᠡᠬᠤᠲᠠ ᠶᠢᠨ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ︽ᠲᠤᠯᠤᠭᠠᠨ ᠬᠢᠴᠢᠶᠡᠯ ᠲᠠᠪᠤᠨ ᠰᠢᠯᠭᠠᠯᠲᠠ + ᠰᠤᠷᠤᠯᠭ᠎ᠠ ᠲᠡᠭᠦᠰᠬᠦ ᠰᠢᠯᠭᠠᠯᠲᠠ + ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ︾  ᠰᠤᠷᠭᠠᠭᠤᠯᠢ ᠳᠡᠪᠰᠢᠬᠦ ᠰᠢᠯᠭᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠬᠦᠯᠦᠨ᠎ᠡ᠃   ᠦᠨᠳᠦᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠶᠡᠷᠦᠩᠬᠡᠢ ᠬᠤᠪᠢ ᠨᠢ 680 ᠬᠤᠪᠢ᠃ ᠡᠭᠦᠨ ᠳᠤ᠂ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠶᠡᠷᠦᠩᠬᠡᠢ ᠬᠤᠪᠢ ᠶᠢᠨ ᠪᠦᠷᠢᠨ ᠬᠤᠪᠢ 620 ᠬᠤᠪᠢ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ ᠲᠣᠰ ᠪᠦᠷᠢ 120 ᠬᠤᠪᠢ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠤᠪᠢ 100 ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠤᠪᠢ 120 ᠬᠤᠪᠢ᠂ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠬᠤᠪᠢ 40 ᠬᠤᠪᠢ ᠃ ᠡᠭᠦᠨ ᠠᠴᠠ ᠭᠠᠳᠠᠨ᠎ᠠ᠂ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠰᠤᠷᠤᠯᠭ᠎ᠠ ᠲᠡᠭᠦᠰᠬᠦ ᠰᠢᠯᠭᠠᠯᠲᠠ ᠶᠢᠨ ᠠᠮᠢᠳᠤ ᠪᠣᠳᠠᠰ᠂ ᠭᠠᠵᠠᠷ ᠵᠦᠢ ᠶᠢᠨ ᠶᠡᠷᠦᠩᠬᠡᠶᠢᠯᠡᠭᠰᠡᠨ ᠰᠢᠯᠭᠠᠯᠲᠠ ᠶᠢᠨ ᠬᠤᠪᠢ ᠨᠢ ᠨᠡᠶᠢᠲᠡ 100 ᠬᠤᠪᠢ ᠪᠠᠶᠢᠵᠤ᠂ 60% ᠪᠠᠷ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠂ ᠪᠦᠷᠢᠨ ᠬᠤᠪᠢ 60 ᠬᠤᠪᠢ ᠪᠣᠯᠣᠨ᠎ᠠ᠃      ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠣᠨ᠎ᠠ᠂ ᠡᠭᠦᠨ ᠳᠤ 6 ᠳ᠋ᠤᠭᠠᠷ ᠰᠠᠷ᠎ᠠ ᠶᠢᠨ 25 ᠤ ᠡᠳᠦᠷ ᠬᠡᠯᠡ ᠪᠢᠴᠢᠭ ᠪᠠ ᠠᠩᠭ᠍ᠯᠢ ᠬᠡᠯᠡ ᠰᠢᠯᠭᠠᠵᠤ᠂ 6  ᠳ᠋ᠤᠭᠠᠷ ᠰᠠᠷ᠎ᠠ ᠶᠢᠨ 26 ᠤ ᠡᠳᠦᠷ ᠲᠣᠭᠠᠨ ᠤ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠬᠢᠵᠦ᠂ 6 ᠳ᠋ᠤᠭᠠᠷ ᠰᠠᠷ᠎ᠠ ᠶᠢᠨ 27 ᠤ ᠡᠳᠦᠷ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠬᠡᠯᠡ ᠪᠢᠴᠢᠭ ᠪᠠ ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠠᠮᠢᠳᠤ ᠪᠣᠳᠠᠰ ᠭᠠᠵᠠᠷ ᠵᠦᠢ ᠶᠢᠨ ᠶᠡᠷᠦᠩᠬᠡᠶᠢᠯᠡᠭᠰᠡᠨ ᠰᠢᠯᠭᠠᠯᠲᠠ ᠨᠢ ᠴᠥᠮ 6 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠶᠠᠪᠤᠭᠳᠠᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ