ᠬᠤᠶᠠᠷ ᠲᠣᠮᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠦᠨ᠎ᠡ ᠲᠦᠯᠦᠪᠦᠷᠢ ᠦᠭᠡᠢ ᠨᠡᠭᠡᠭᠡᠨ᠎ᠡ
ᠨᠡᠶᠢᠲᠡᠯᠡᠭᠰᠡᠨ ᠴᠠᠭ᠄
2022/6/9
      6 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠲᠥᠪ ᠪᠠ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠠᠴᠠ ᠣᠶᠢᠯᠠᠭᠠᠭᠰᠠᠨ ᠢᠶᠠᠷ᠂ ᠣᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠎ᠡ︾ ᠦᠢᠯᠡᠳᠦᠯᠭᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠬᠤᠶᠠᠷ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠦᠨ᠎ᠡ ᠲᠦᠯᠦᠪᠦᠷᠢ ᠦᠭᠡᠢ ᠪᠠᠷ ᠨᠡᠭᠡᠭᠡᠬᠦ ᠪᠠᠷ ᠪᠣᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠲᠥᠪ 6  ᠳ᠋ᠤᠭᠠᠷ ᠰᠠᠷ᠎ᠠ ᠶᠢᠨ 14 ᠤ ᠡᠳᠦᠷ ᠠᠴᠠ 6  ᠳ᠋ᠤᠭᠠᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠥᠲᠥᠨ ᠪᠥᠮᠪᠦᠭᠡ ᠵᠢᠴᠢ ᠪᠡᠶ᠎ᠡ ᠴᠢᠭᠢᠷᠠᠭᠵᠢᠭᠤᠯᠬᠤ ᠲᠦᠷᠦᠯ ᠵᠦᠢᠯ ᠢ ᠦᠨ᠎ᠡ ᠲᠦᠯᠦᠪᠦᠷᠢ ᠦᠭᠡᠢ ᠪᠠᠷ ᠨᠡᠭᠡᠭᠡᠨ᠎ᠡ  ᠪᠣᠳᠠᠳᠠᠢ ᠲᠣᠬᠢᠷᠠᠭᠤᠯᠤᠯᠲᠠ ᠨᠢ᠄ 1.ᠥᠳᠥᠨ ᠪᠥᠮᠪᠦᠭᠡ ᠶᠢᠨ ᠲᠠᠯᠠᠪᠤᠷ ᠤᠨ ᠨᠢᠭᠡᠳᠦᠭᠡᠷ ᠳᠠᠪᠬᠤᠷᠯᠢᠭ ᠤᠨ  ᠭᠤᠣᠯ ᠲᠠᠯᠠᠪᠤᠷ ᠭᠠᠵᠠᠷ ︵3 ᠬᠡᠰᠡᠭ︶᠂ ᠦᠨ᠎ᠡ ᠲᠦᠯᠦᠪᠦᠷᠢ ᠦᠭᠡᠢ ᠪᠠᠷ ᠨᠡᠭᠡᠭᠡᠬᠦ ᠴᠠᠭ ᠨᠢ ᠭᠠᠷᠠᠭ ᠪᠦᠷᠢ ᠶᠢᠨ ᠭᠠᠷᠠᠭ ᠤᠨ ᠬᠤᠶᠠᠷ ᠠᠴᠠ ᠭᠠᠷᠠᠭ ᠤᠨ ᠲᠠᠪᠤᠨ ᠤ 9 ᠴᠠᠭ  ᠠᠴᠠ 10 ᠴᠠᠭ 30 ᠮᠢᠨᠦ᠋ᠲ ᠪᠣᠯᠲᠠᠯ᠎ᠠ᠂ 10 ᠴᠠᠭ 30 ᠮᠢᠨᠦ᠋ᠲ ᠠᠴᠠ 12 ᠴᠠᠭ ᠪᠣᠯᠲᠠᠯ᠎ᠠ︔ 2. ᠪᠡᠶ᠎ᠡ ᠴᠢᠭᠢᠷᠠᠭᠵᠢᠭᠤᠯᠬᠤ ᠲᠥᠪ ᠤᠨ  ᠦᠨ᠎ᠡ ᠲᠦᠯᠦᠪᠦᠷᠢ ᠦᠭᠡᠢ ᠪᠠᠷ ᠨᠡᠭᠡᠭᠡᠬᠦ ᠴᠠᠭ ᠨᠢ ᠭᠠᠷᠠᠭ ᠪᠦᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9 ᠴᠠᠭ  ᠠᠴᠠ 12 ᠴᠠᠭ ᠪᠣᠯᠲᠠᠯ᠎ᠠ᠃ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠬᠥᠮᠥᠨ ᠤ ᠲᠤᠭ᠎ᠠ ᠨᠢ᠄ 1. ᠥᠳᠥᠨ ᠪᠥᠮᠪᠦᠭᠡ ᠶᠢᠨ ᠲᠠᠯᠠᠪᠤᠷ᠄ 18 ᠬᠥᠮᠥᠨ/ᠴᠠᠭ ᠪᠦᠷᠢ︔ 2. ᠪᠡᠶ᠎ᠡ ᠴᠢᠭᠢᠷᠠᠭᠵᠢᠭᠤᠯᠬᠤ ᠲᠥᠪ᠄ 30 ᠬᠥᠮᠥᠨ/ᠴᠠᠭ ᠪᠦᠷᠢ᠃ 6  ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠤᠲᠠᠰᠤ ᠪᠠᠷ ᠳᠠᠷᠠᠭ᠎ᠠ ᠡᠳᠦᠷ ᠤᠨ ᠲᠠᠯᠠᠪᠤᠷ ᠢ ᠪᠣᠯᠵᠣᠨ᠎ᠠ᠂ ᠠᠩᠬ᠎ᠠ ᠤᠳᠠᠭ᠎ᠠ ᠢᠷᠡᠬᠦ  ᠳᠡᠭᠡᠨ ᠰᠢᠯᠭᠠᠭᠤᠯᠤᠭᠴᠢ  2022 ᠣᠨ ᠤ  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠰᠢᠶᠡᠷᠡᠯ ᠤᠨ ᠪᠢᠴᠢᠭ ᠤᠨ ᠤᠭ ᠮᠠᠲ᠋ᠧᠷᠢᠶᠠᠯ ᠪᠤᠶᠤ ᠬᠠᠭᠤᠯᠪᠤᠷᠢ ᠪᠠᠨ ᠠᠪᠴᠤ ᠢᠷᠡᠬᠦ ᠬᠡᠷᠡᠭᠲᠡᠢ᠂ ᠦᠢᠯᠡᠴᠢᠯᠡᠭᠡᠨ ᠤ ᠲᠠᠪᠴᠠᠩ ᠳᠤ ᠪᠡᠶ᠎ᠡ ᠶᠢᠨ ᠭᠠᠷᠤᠯ ᠢᠶᠠᠨ ᠨᠤᠲᠠᠯᠠᠭᠤᠯᠤᠨ ᠲᠠᠩᠰᠠᠯᠠᠭᠤᠯᠤᠭᠰᠠᠨ ᠤ ᠳᠠᠷᠠᠭ᠎ᠠ ᠲᠠᠯᠠᠪᠤᠷ ᠲᠤ ᠣᠷᠣᠵᠤ ᠪᠣᠯᠣᠨ᠎ᠠ᠃ ᠪᠣᠯᠵᠤᠬᠤ ᠤᠲᠠᠰᠤ᠄ ᠥᠳᠥᠨ ᠪᠥᠮᠪᠦᠭᠡ ᠶᠢᠨ ᠲᠠᠯᠠᠪᠤᠷ᠄ 0471-6524957︔ ᠪᠡᠶ᠎ᠡ ᠴᠢᠬᠢᠷᠠᠭᠵᠢᠭᠤᠯᠬᠤ ᠲᠥᠪ᠄ 0471-6524967᠃      ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠨᠢ 6 ᠳ᠋ᠤᠭᠠᠷ ᠰᠠᠷ᠎ᠠ ᠶᠢᠨ 9 ᠤ ᠡᠳᠦᠷ ᠠᠴᠠ 6 ᠳ᠋ᠤᠭᠠᠷ ᠰᠠᠷ᠎ᠠ ᠶᠢᠨ 17 ᠤ ᠡᠳᠦᠷ ᠪᠣᠯᠲᠠᠯᠠᠬᠢ ᠬᠤᠭᠤᠴᠠᠭᠠᠨ ᠳᠤ ᠲᠣᠰ ᠬᠤᠭᠤᠴᠠᠭᠠᠨ ᠤ  ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠦᠨ᠎ᠡ ᠲᠦᠯᠦᠪᠦᠷᠢ ᠦᠭᠡᠢ ᠪᠠᠷ ᠨᠡᠭᠡᠭᠡᠨ᠎ᠡ᠂ ᠰᠢᠯᠭᠠᠭᠤᠯᠤᠭᠰᠠᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠰᠢᠶᠡᠷᠡᠯ ᠤᠨ ᠪᠢᠴᠢᠭ ᠢᠶᠠᠨ ᠠᠪᠴᠤ ᠲᠥᠯᠥᠪᠦᠷᠢ ᠦᠭᠡᠢ ᠪᠠᠷ ᠲᠠᠯᠠᠪᠤᠷ  ᠲᠤ ᠣᠷᠣᠵᠤ᠂ ᠤᠮᠪᠠᠯᠲᠠ ᠶᠢᠨ ᠭᠠᠵᠠᠷ᠂ ᠮᠥᠰᠥᠨ ᠲᠠᠯᠠᠪᠤᠷ᠂ ᠫᠢᠩᠫᠠᠩ ᠪᠥᠮᠪᠦᠭᠡ ᠵᠡᠷᠭᠡ ᠶᠢ ᠨᠠᠭᠠᠳᠤᠵᠤ ᠪᠣᠯᠤᠨ᠎ᠠ᠃ ᠡᠭᠦᠨ ᠳᠤ᠂ ᠤᠮᠪᠠᠯᠲᠠ ᠶᠢᠨ ᠣᠷᠳᠣᠨ ᠳᠤ ᠰᠢᠯᠭᠠᠭᠤᠯᠤᠭᠰᠠᠳ ᠲᠠᠯᠠᠪᠠᠶ ᠳᠤ ᠣᠷᠤᠭᠰᠠᠨ ᠤ ᠳᠠᠷᠠᠭ᠎ᠠ ᠬᠤᠶᠠᠷ ᠴᠠᠭ ᠤᠨ ᠳᠣᠲᠤᠷ᠎ᠠ ᠰᠦᠢᠳᠬᠡᠯ ᠠᠪᠬᠤ ᠦᠭᠡᠢ᠂ ᠬᠤᠶᠠᠷ ᠴᠠᠭ ᠠᠴᠠ ᠬᠡᠲᠦᠷᠡᠪᠡᠯ ᠬᠠᠭᠠᠰ ᠴᠠᠭ ᠤᠨ ᠳᠣᠲᠣᠷ᠎ᠠ ᠨᠢᠭᠡ ᠬᠦᠮᠦᠨ ᠠᠴᠠ 20 ᠲᠥᠭᠦᠷᠢᠭ ᠤᠨ ᠰᠦᠢᠳᠬᠡᠯ ᠬᠤᠷᠢᠶᠠᠵᠤ᠂ ᠬᠠᠭᠠᠰ ᠴᠠᠭ ᠠᠴᠠ ᠬᠡᠳᠦᠷᠡᠪᠡᠯ ᠨᠢᠭᠡ ᠬᠦᠮᠦᠨ ᠠᠴᠠ 40 ᠲᠥᠭᠦᠷᠢᠭ ᠤᠨ ᠰᠦᠢᠳᠬᠡᠯ ᠬᠤᠷᠢᠶᠠᠨ᠎ᠠ︔ ᠮᠥᠰᠥᠨ ᠲᠠᠯᠠᠪᠤᠷ ᠰᠢᠯᠭᠠᠭᠤᠯᠤᠭᠰᠠᠳ ᠠᠴᠠ ᠰᠦᠢᠳᠬᠡᠯ ᠬᠤᠷᠢᠶᠠᠬᠤ ᠦᠭᠡᠢ ᠪᠦᠭᠡᠳ ᠴᠠᠭ ᠤᠨ ᠬᠢᠵᠠᠭᠠᠷᠯᠠᠯ ᠦᠭᠡᠢ᠂ ᠦᠨ᠎ᠡ ᠲᠦᠯᠦᠪᠦᠷᠢ ᠦᠭᠡᠢ ᠪᠠᠷ ᠲᠠᠯᠠᠪᠠᠶ ᠳᠤ ᠣᠷᠣᠬᠤ ᠳᠤ ᠥᠪᠡᠷ ᠢᠶᠠᠨ ᠲᠣᠨᠤᠭ ᠲᠥᠬᠦᠭᠡᠷᠦᠮᠵᠢ ᠢᠶᠠᠨ ᠪᠡᠯᠡᠳᠬᠡᠨ᠎ᠡ︔ ᠫᠢᠩᠫᠠᠩ ᠪᠥᠮᠪᠦᠭᠡ ᠤᠨ ᠲᠠᠯᠠᠪᠤᠷ ᠨᠢ ᠰᠢᠯᠭᠠᠭᠤᠯᠤᠭᠰᠠᠳ ᠢ  ᠦᠨ᠎ᠡ ᠲᠦᠯᠦᠪᠦᠷᠢ ᠦᠭᠡᠢ ᠪᠠᠷ ᠣᠷᠤᠭᠤᠯᠬᠤ ᠪᠦᠭᠡᠳ ᠴᠠᠭ ᠤᠨ ᠬᠢᠵᠠᠭᠠᠷᠯᠠᠯ ᠦᠭᠡᠢ᠂ ᠥᠪᠡᠷ ᠢᠶᠠᠨ ᠫᠢᠩᠫᠠᠩ ᠪᠥᠮᠪᠦᠭᠡ᠂ ᠫᠢᠩᠫᠠᠩ ᠪᠥᠮᠪᠦᠭᠡ ᠶᠢᠨ ᠫᠠᠶᠢᠰᠠ ᠵᠡᠷᠭᠡ ᠢᠶᠠᠨ ᠪᠡᠯᠡᠳᠬᠡᠨ᠎ᠡ᠃ ᠲᠠᠯᠠᠪᠤᠷ ᠨᠡᠭᠡᠭᠡᠬᠦ ᠴᠠᠭ ᠨᠢ 9 ᠴᠠᠭ ᠠᠴᠠ 21 ᠴᠠᠭ  ᠪᠣᠯᠲᠠᠯ᠎ᠠ᠂ 19 ᠴᠠᠭ ᠠᠴᠠ ᠰᠡᠭᠦᠯᠡᠷ ᠲᠠᠯᠠᠪᠤᠷ ᠲᠤ ᠣᠷᠤᠭᠤᠯᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠪᠡᠯ᠂ ᠲᠠᠯᠠᠪᠤᠷ ᠣᠷᠳᠣᠨ ᠨᠢ ᠬᠥᠮᠥᠨ ᠤ ᠲᠤᠭ᠎ᠠ ᠶᠢᠨ ᠳᠡᠭᠡᠳᠦ ᠬᠢᠵᠠᠭᠠᠷ ᠲᠠᠢ ᠪᠠᠶᠢᠵᠤ᠂ ᠬᠦᠮᠦᠨ ᠤ ᠲᠤᠭ᠎ᠠ ᠶᠢ ᠬᠢᠵᠠᠭᠠᠷᠯᠠᠬᠤ ᠳᠤ ᠲᠤᠬᠠᠢ ᠶᠢᠨ ᠲᠠᠯᠠᠪᠤᠷ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ