| | | | | 6 ᠰᠠᠷ᠎ᠠ ᠶᠢᠨ 29 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠰᠢᠨ᠎ᠡ ᠳᠡᠯᠭᠡᠭᠦᠷ ᠪᠠᠯᠭᠠᠰᠤᠨ ᠤ ᠬᠤᠤ ᠯᠠᠢ | ᠭᠸᠤ ᠲᠣᠰᠬᠤᠨ ᠳᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ︾ ᠭᠡᠬᠦ ᠭᠤᠣᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ ᠭᠡᠰᠢᠭᠦᠨ᠂ ᠨᠠᠮ ᠳᠤ ᠤᠷᠤᠭᠰᠠᠨ ᠢᠳᠡᠪᠬᠢᠲᠡᠨ | ᠠᠵᠢᠯᠯᠠᠭ᠎ᠠ ᠳᠤ ᠣᠷᠣᠯᠴᠠᠪᠠ᠃ | ᠱᠧᠩ ᠱᠠᠨ ᠠᠭᠤᠯᠠ ᠶᠢᠨ ᠬᠤᠷᠮᠣᠢ ᠳᠤ ᠪᠠᠶᠢᠷᠢᠯᠠᠵᠤ ᠪᠠᠶᠢᠭ᠎ᠠ ᠬᠤᠤ ᠯᠠᠢ ᠭᠸᠤ ᠲᠣᠰᠬᠤᠨ ᠪᠣᠯ ᠤᠢ ᠮᠣᠳᠣ ᠬᠥᠬᠡᠷᠡᠨ ᠨᠣᠭᠤᠭᠠᠷᠠᠭᠰᠠᠨ ᠪᠣᠯᠪᠠᠰᠤᠨ | ᠠᠮᠢ ᠠᠬᠤᠢ ᠶᠢᠨ ᠲᠣᠰᠬᠤᠨ ᠪᠣᠯᠤᠨ᠎ᠠ᠂ ᠮᠥᠨᠴᠦ ᠬᠤᠪᠢᠰᠬᠠᠯ ᠤᠨ ᠲᠥᠯᠥᠭᠡ ᠬᠦᠨᠳᠦ ᠶᠡᠭᠡ ᠦᠷᠡᠭᠳᠡᠯ ᠭᠠᠷᠭᠠᠭᠰᠠᠨ ︽ᠬᠤᠪᠢᠰᠬᠠᠯ ᠤᠨ ᠲᠣᠰᠬᠤᠨ︾ | ᠪᠣᠯᠤᠨ᠎ᠠ᠃ ᠬᠤᠪᠢᠰᠬᠠᠯᠲᠤ ᠳᠠᠶᠢᠨ ᠤ ᠣᠨ ᠵᠢᠯ ᠤᠳ ᠲᠤ᠂ ᠤᠷᠤᠭᠰᠢᠯᠠᠪᠠᠯ ᠳᠣᠪᠲᠣᠯᠵᠤ ᠪᠣᠯᠬᠤ᠂ ᠤᠬᠤᠷᠢᠪᠠᠯ ᠰᠠᠬᠢᠵᠤ ᠪᠣᠯᠬᠤ ᠤᠴᠢᠷ ᠠᠴᠠ ᠫᠠᠷᠲ᠋ᠢᠽᠠᠨ | ᠳᠠᠶᠢᠨ ᠤ ᠦᠶ᠎ᠡ ᠶᠢᠨ ᠬᠤᠪᠢᠰᠬᠠᠯ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠨᠠᠮ ᠤᠨ ᠭᠡᠰᠢᠭᠦᠨ ᠬᠤᠤ ᠯᠠᠢ ᠭᠸᠤ ᠲᠣᠰᠬᠤᠨ ᠤ ︽ᠲᠤᠭᠲᠠᠬᠤ ᠬᠤᠷᠢᠨᠭᠡᠷ ᠴᠢᠩ ᠱᠦᠢ ᠾᠧ | ᠰᠢᠶᠠᠨ ᠤ ᠨᠦᠬᠡᠨ ᠵᠠᠮ ᠤᠨ ᠪᠠᠭᠤᠷᠢ︾ ᠶᠢᠨ ᠡᠮᠦᠨ᠎ᠡ᠂ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ | ᠲᠠᠩᠭᠠᠷᠢᠭ ᠤᠨ ᠦᠭᠡ ᠪᠠᠨ ᠳᠠᠬᠢᠨᠲᠠ ᠡᠷᠭᠢᠴᠡᠭᠦᠯᠪᠡ᠃ ᠳᠠᠷᠠᠭ᠎ᠠ ᠨᠢ᠂ ᠪᠦᠬᠦ ᠨᠠᠮ ᠤᠨ ᠭᠡᠰᠢᠭᠦᠳ ᠬᠠᠮᠲᠤᠪᠠᠷ ᠬᠤᠤ ᠯᠠᠢ ᠭᠸᠤ ᠲᠣᠰᠬᠤᠨ ᠤ ︽ᠴᠢᠯᠥᠭᠡᠯᠡᠬᠦ | ᠳᠠᠶᠢᠨ ᠤ ᠦᠶ᠎ᠡ ᠶᠢᠨ ᠨᠦᠬᠡᠨ ᠵᠠᠮ ᠤᠨ ᠪᠠᠭᠤᠷᠢ︾ ᠶᠢ ᠲᠣᠭᠤᠷᠢᠨ ᠦᠵᠡᠵᠦ᠂ ᠲᠤᠬᠠᠢ ᠶᠢᠨ ᠵᠢᠯ ᠤᠨ ᠬᠤᠤ ᠯᠠᠢ ᠭᠸᠤ ᠲᠣᠰᠬᠤᠨ ᠤ ᠡᠨᠡᠬᠦ ᠰᠦᠷ | ᠳᠠᠯᠠᠶᠢᠴᠠᠲᠠᠢ ᠢᠷᠠᠭᠤ ᠠᠯᠳᠠᠷᠲᠤ ᠲᠡᠦᠬᠡ ᠶᠢ ᠰᠣᠨᠣᠰᠴᠠᠢ᠃ ᠣᠯᠠᠨ ᠢᠶᠠᠷ ᠢᠶᠠᠨ᠄ ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠲᠡᠷᠢᠭᠦᠨ ᠤ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠢᠰᠢᠳᠠ ᠶᠢᠨ | ᠠᠵᠢᠯ ᠠᠮᠢᠳᠤᠷᠠᠯ ᠳᠤᠮᠳᠠ ᠪᠠᠨ ᠥᠪᠡᠷ ᠢ ᠪᠠᠨ ᠨᠡᠩ ᠴᠢᠩᠭ᠎ᠠ ᠱᠠᠭᠠᠷᠳᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠭᠡᠰᠢᠭᠦᠨ ᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠪᠠᠲᠤᠯᠠᠵᠤ᠂ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢ ᠦᠨᠡᠨᠬᠦ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠬᠦᠴᠦᠨ ᠴᠢᠳᠠᠯ ᠢᠶᠠᠨ ᠡᠷᠭᠦᠨ᠎ᠡ ᠭᠡᠰᠡᠨ ᠪᠠᠶᠢᠨ᠎ᠠ︕ | |