ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠰᠢᠨ᠎ᠡ ᠳᠡᠯᠭᠡᠭᠦᠷ ᠪᠠᠯᠭᠠᠰᠤᠨ ᠤ ᠳᠠᠭᠠᠭᠠᠴᠢᠯᠠᠨ ᠬᠤᠯᠪᠤᠭᠠᠯᠠᠭᠰᠠᠨ ᠲᠣᠰᠬᠤᠨ ᠳᠤ ᠬᠦᠷᠴᠦ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠲᠤᠬᠠᠶ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/1
7.1县政府办党支部赴新店子镇包联村开展为民办实事调研活动.jpg
      6 ᠰᠠᠷ᠎ᠠ ᠶᠢᠨ 29 ᠤ ᠦᠳᠡ ᠶᠢᠨ ᠬᠤᠶᠢᠨ᠎ᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠰᠢᠨ᠎ᠡ ᠳᠡᠯᠭᠡᠭᠦᠷ ᠪᠠᠯᠭᠠᠰᠤᠨ ᠤ ᠳᠠᠭᠠᠭᠠᠴᠢᠯᠠᠨ ᠬᠤᠯᠪᠤᠭᠠᠯᠠᠭᠰᠠᠨ ᠲᠣᠰᠬᠤᠨ ᠳᠤ ᠬᠦᠷᠴᠦ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ ᠭᠡᠰᠢᠭᠦᠨ᠂ ᠨᠠᠮ ᠳᠤ ᠤᠷᠤᠭᠰᠠᠨ ᠢᠳᠡᠪᠬᠢᠲᠡᠨ ᠠᠵᠢᠯᠯᠠᠭ᠎ᠠ ᠳᠤ ᠣᠷᠣᠯᠴᠠᠪᠠ᠃       ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠬᠢᠨ ᠤᠷᠢᠳ ᠬᠤᠵᠢᠳ ᠢᠦᠢ ᠯᠢᠨ ᠴᠧᠩ ᠪᠣᠯᠤᠨ ᠠᠷᠪᠠᠨ ᠨᠢᠭᠡᠳᠦᠭᠡᠷ ᠲᠣᠰᠬᠤᠨ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠠᠢ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠭᠠᠴᠠᠭᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠨᠢᠭᠡᠳ ᠨᠢᠭᠡ ᠪᠠᠷ ᠴᠤᠭᠯᠠᠭᠤᠯᠤᠨ ᠳᠠᠩᠰᠠᠯᠠᠵᠠᠢ᠃ ᠳᠠᠷᠠᠭ᠎ᠠ ᠨᠢ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠱᠦᠵᠢ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠦᠷ᠎ᠡ ᠬᠡᠦᠬᠡᠳ ᠪᠠ ᠠᠮᠢᠳᠤᠷᠠᠯ ᠵᠡᠷᠭᠡ ᠶᠢᠨ ᠪᠠᠶᠢᠳᠠᠯ ᠢ ᠳᠣᠲᠣᠨᠣᠰᠤᠭ ᠢᠶᠠᠷ ᠠᠰᠠᠭᠤᠨ ᠯᠠᠪᠯᠠᠵᠤ᠂ ᠲᠡᠳᠡᠨ ᠢ ᠠᠮᠢᠳᠤᠷᠠᠯ ᠳᠤ ᠪᠠᠶᠠᠰᠤᠩᠭᠤᠶ ᠪᠠᠷ ᠬᠠᠨᠳᠤᠵᠤ᠂ ᠰᠠᠶᠢᠨ ᠰᠠᠶᠢᠬᠠᠨ ᠰᠡᠳᠬᠢᠯᠭᠡ ᠲᠠᠢ ᠪᠠᠶᠢᠬᠤ ᠶᠢ ᠵᠣᠷᠢᠭᠵᠢᠭᠤᠯᠵᠤ᠂ ᠲᠡᠳᠡᠨ ᠤ ᠪᠡᠶ᠎ᠡ ᠮᠠᠬᠠᠪᠣᠳ ᠢᠶᠠᠨ ᠰᠠᠶᠢᠲᠤᠷ ᠭᠠᠮᠨᠠᠵᠤ᠂ ᠤᠷᠳᠤ ᠨᠠᠰᠤᠯᠠᠵᠤ ᠤᠳᠠᠭᠠᠨ ᠵᠢᠷᠭᠠᠬᠤ ᠶᠢ ᠬᠦᠰᠡᠵᠦ ᠂ ᠨᠠᠮ ᠤᠨ ᠬᠠᠯᠠᠮᠵᠢᠯᠠᠯ ᠪᠠ ᠪᠠᠶᠠᠷ ᠤᠨ ᠡᠳᠦᠷ ᠤᠨ ᠮᠡᠨᠳᠦᠴᠢᠯᠡᠯ ᠪᠠ ᠢᠷᠥᠭᠡᠯ ᠵᠥᠩᠨᠡᠯ ᠢ ᠪᠡᠶ᠎ᠡ ᠪᠠᠷ ᠢᠶᠠᠨ ᠲᠡᠳᠡᠨ ᠤ ᠳᠡᠷᠭᠡᠳᠡ ᠬᠦᠷᠭᠡᠬᠦ ᠶᠢ ᠬᠦᠰᠡᠪᠡ᠃       ᠬᠠᠮᠤᠭ ᠤᠨ ᠰᠡᠭᠦᠯ ᠳᠤ᠂ ᠠᠵᠢᠯᠯᠠᠭ᠎ᠠ ᠳᠤ ᠣᠷᠣᠯᠴᠠᠭᠰᠠᠨ ᠪᠦᠬᠦ ᠨᠠᠮ ᠤᠨ ᠭᠡᠰᠢᠭᠦᠳ ᠠᠷᠪᠠᠨ ᠨᠢᠭᠡᠳᠦᠭᠡᠷ ᠲᠣᠰᠬᠤᠨ ᠤ ᠡᠷᠬᠢᠨ ᠲᠣᠭᠤᠷᠢᠨ ᠤ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ ᠂ ᠪᠣᠬᠢᠷᠲᠤᠯ ᠦᠭᠡᠢ᠂ ᠲᠠᠭᠠᠯᠠᠮᠵᠢᠲᠠᠢ᠂ ᠭᠤᠶᠤ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ