ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ | ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠬᠥᠬᠡᠬᠤᠲᠠ ᠶᠢᠨ ᠠᠵᠢᠯ ᠦᠢᠯᠡᠰ ᠤᠨ ᠨᠢᠭᠡᠴᠡ ᠨᠢᠭᠡ ᠪᠦᠯᠦᠭ ᠥᠨᠳᠥᠷ ᠰᠤᠷᠤᠯᠭ᠎ᠠ ᠶᠢᠨ ᠨᠠᠮᠲᠠᠷ ᠲᠠᠢ᠂ ᠥᠨᠳᠥᠷ ᠬᠡᠪ ᠪᠣᠯᠪᠠᠰᠤᠷᠠᠯ ᠲᠠᠢ ᠪᠠᠴᠢᠮ ᠱᠠᠭᠠᠷᠳᠠᠭᠳᠠᠵᠤ | ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃ | ᠲᠣᠰ ᠤᠳᠠᠭ᠎ᠠ 5 ᠨᠢᠭᠡᠴᠡ ᠨᠡᠶᠢᠲᠡ 188 ᠴᠢᠳᠠᠪᠤᠷᠢᠲᠠᠨ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠂ ᠡᠭᠦᠨ ᠳᠤ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ 6 ᠬᠥᠮᠥᠨ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ 2 ᠬᠥᠮᠥᠨ ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠰᠢᠰᠲ᠋ᠧᠮ 150 ᠬᠥᠮᠥᠨ ᠂ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ 15 ᠬᠥᠮᠥᠨ᠂ | ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 15 ᠬᠥᠮᠥᠨ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠃ ᠪᠣᠳᠠᠲᠠᠢ ᠠᠭᠤᠯᠭ᠎ᠠ ᠶᠢ ︽ᠬᠥᠬᠡᠬᠤᠲᠠ ᠶᠢᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ︽ᠬᠥᠬᠡᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ︽ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠰᠢᠰᠲ᠋ᠧᠮ ᠤᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ︽ᠬᠥᠬᠡᠬᠤᠲᠠ ᠶᠢᠨ ᠵᠠᠭᠠᠯᠳᠤᠯᠭ᠎ᠠ ᠶᠢ ᠭᠥᠯᠢᠶᠡᠨ | ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠤᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ︽ᠬᠥᠬᠡᠬᠤᠲᠠ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ︵ᠠᠷᠤ ᠳᠤ ᠳᠠᠭᠠᠯᠳᠤᠭᠤᠯᠪᠠ︶ ᠠᠴᠠ | ᠨᠠᠷᠢᠪᠴᠢᠯᠠᠨ ᠦᠵᠡᠭᠡᠷᠡᠢ᠃ | ᠨᠡᠷ᠎ᠡ ᠮᠡᠳᠡᠭᠦᠯᠬᠦ ᠴᠠᠭ᠄ 2022 ᠣᠨ ᠤ 7 ᠳ᠋ᠤᠭᠠᠷ ᠰᠠᠷ᠎ᠠ ᠶᠢᠨ 4 ᠤ ᠡᠳᠦᠷ ᠤᠨ 9 ᠴᠠᠭ ᠠᠴᠠ 7 ᠳ᠋ᠤᠭᠠᠷ ᠰᠠᠷ᠎ᠠ ᠶᠢᠨ 7 ᠤ ᠡᠳᠦᠷ ᠤᠨ 17 ᠴᠠᠭ ᠪᠣᠯᠲᠠᠯ᠎ᠠ᠂ ᠬᠢᠷᠢ | ᠬᠡᠮ ᠢ ᠬᠢᠨᠠᠨ ᠪᠠᠶᠢᠴᠠᠭᠠᠬᠤ ᠴᠠᠭ᠄ 2022 ᠣᠨ ᠤ 7 ᠳ᠋ᠤᠭᠠᠷ ᠰᠠᠷ᠎ᠠ ᠶᠢᠨ 4 ᠤ ᠡᠳᠦᠷ ᠤᠨ 9 ᠴᠠᠭ ᠠᠴᠠ 7 ᠳ᠋ᠤᠭᠠᠷ ᠰᠠᠷ᠎ᠠ ᠶᠢᠨ 8 ᠤ ᠡᠳᠦᠷ ᠤᠨ 12 ᠴᠠᠭ ᠪᠣᠯᠲᠠᠯ᠎ᠠ᠃ 6 | ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠨ ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠪᠣᠯᠪᠠᠰᠤᠷᠠᠭᠤᠯᠤᠯ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http: | //www.hhpta.org.cn︶ ᠠᠴᠠ ᠠᠵᠢᠯ ᠤᠨ ᠪᠠᠶᠢᠷᠢ ᠶᠢᠨ ᠬᠡᠷᠡᠭᠴᠡᠭᠡᠨ ᠤ ᠬᠦᠰᠦᠨᠦᠭᠲᠦ ᠶᠢ ᠯᠠᠪᠯᠠᠵᠤ ᠦᠵᠡᠵᠦ ᠪᠣᠯᠣᠨ᠎ᠠ᠃ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠮᠡᠷᠭᠡᠵᠢᠯ ᠤᠨ ᠳᠡᠮᠵᠢᠯᠭᠡ ᠶᠢᠨ ᠠᠰᠠᠭᠤᠨ ᠯᠠᠪᠯᠠᠬᠤ ᠤᠲᠠᠰᠤ᠄ 0471-3389632᠃ ᠲᠥᠷᠥ ᠶᠢᠨ ᠪᠣᠳᠣᠯᠭ᠎ᠠ ᠶᠢ ᠠᠰᠠᠭᠤᠨ | ᠯᠠᠪᠯᠠᠬᠤ ᠤᠲᠠᠰᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠡᠯ᠎ᠡ ᠨᠢᠭᠡᠴᠡ ᠶᠢᠨ ᠠᠵᠢᠯ ᠤᠨ ᠪᠠᠶᠢᠷᠢ ᠶᠢᠨ ᠬᠡᠷᠡᠭᠴᠡᠭᠡᠨ ᠤ ᠬᠦᠰᠦᠨᠦᠭᠲᠦ ᠠᠴᠠ ᠨᠠᠷᠢᠪᠴᠢᠯᠠᠨ | ᠦᠵᠡᠭᠡᠷᠡᠢ᠃ | ᠳᠠᠭᠠᠯᠳᠤᠭᠤᠯᠤᠯ᠄ | 1. ᠬᠥᠬᠡᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ | 2. ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ 2022 ᠣᠨ ᠤ ᠴᠢᠳᠠᠪᠤᠷᠢᠲᠠᠨ ᠣᠷᠤᠭᠤᠯᠤᠨ ᠠᠪᠴᠢᠷᠠᠬᠤ ᠠᠯᠪᠠᠨ ᠵᠠᠷᠯᠠᠯ | 3. ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ | 4. ᠬᠥᠬᠡᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠤᠨ 2022 ᠣᠨ ᠤ ᠴᠢᠳᠠᠪᠤᠷᠢᠲᠠᠨ | ᠣᠷᠣᠭᠤᠯᠤᠨ ᠠᠪᠴᠢᠷᠠᠬᠤ ᠠᠯᠪᠠᠨ ᠵᠠᠷᠯᠠᠯ | 5. ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2022 ᠣᠨ ᠤ 6 ᠳ᠋ᠤᠭᠠᠷ ᠰᠠᠷ᠎ᠠ ᠶᠢᠨ 29 ᠤ ᠡᠳᠦᠷ | | | ︽ᠬᠥᠬᠡᠬᠤᠲᠠ ᠶᠢᠨ ᠠᠵᠢᠯ ᠦᠢᠯᠡᠰ ᠤᠨ ᠨᠢᠭᠡᠴᠡ ᠶᠢᠨ 2022 ᠣᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ︾ ᠤᠨ ᠣᠣᠯ ᠡᠬᠡ ᠪᠢᠴᠢᠭ ᠢ ᠠᠳᠡ | ᠲᠣᠪᠴᠢᠳᠠᠵᠤ ᠦᠵᠡᠭᠡᠷᠡᠢ︕ |