︵2022 ᠣᠨ ᠤ 67 ᠳ᠋ᠤᠭᠠᠷ ᠲᠣᠭᠠᠲᠤ︶ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ︵ᠶᠢᠰᠦᠳᠦᠭᠡᠷ ᠬᠡᠪᠯᠡᠯ︶︾ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ | ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠥᠰ ᠲᠤ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ + 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾ ᠶᠢ ᠬᠡᠷᠡᠭᠵᠢᠬᠦᠯᠵᠦ᠂ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ 1᠂ 2᠂ 3᠂ 5᠂ 7 ᠳ᠋ᠤᠭᠠᠷ ᠡᠳᠦᠷ ᠲᠤ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ | 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠬᠢᠯᠢ ᠳᠤ ᠣᠷᠣᠵᠤ ᠢᠷᠡᠭᠰᠡᠨ ᠠᠩᠬᠠᠨ ᠤ ᠭᠠᠵᠠᠷ ᠨᠢ ᠮᠠᠨ ᠤ ᠬᠤᠲᠠ ᠮᠥᠷᠲᠡᠭᠡᠨ ᠵᠣᠷᠢᠭᠰᠠᠨ ᠭᠠᠵᠠᠷ ᠨᠢ ᠮᠠᠨ ᠤ ᠬᠤᠲᠠ ᠪᠣᠯᠬᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠬᠥᠮᠥᠰ 7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠶᠢ ᠳᠠᠭᠤᠰᠬᠠᠭᠰᠠᠨ ᠤ ᠳᠠᠷᠠᠭ᠎ᠠ | ︽ᠭᠠᠷ ᠳᠠᠮᠵᠢᠭᠤᠯᠬᠤ︾ ᠪᠢᠲᠡᠭᠦᠦ ᠴᠠᠭᠠᠷᠢᠭ ᠢᠶᠠᠷ ᠣᠷᠣᠰᠢᠨ ᠰᠠᠭᠤᠭ᠎ᠠ ᠭᠠᠵᠠᠷ ᠲᠤᠨᠢ ᠰᠢᠯᠵᠢᠭᠦᠯᠦᠨ ᠬᠦᠷᠭᠡᠵᠦ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠳᠤ ᠣᠷᠣᠭᠤᠯᠤᠨ᠂ ᠦᠷᠭᠦᠯᠵᠢᠯᠡᠨ 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠡ᠃ | ᠬᠢᠯᠢ ᠳᠤ ᠣᠷᠣᠵᠤ ᠢᠷᠡᠭᠰᠡᠨ ᠠᠩᠬᠠᠨ ᠤ ᠭᠠᠵᠠᠷ ᠨᠢ ᠮᠠᠨ ᠤ ᠬᠤᠲᠠ᠂ ᠵᠣᠷᠢᠭᠰᠠᠨ ᠭᠠᠵᠠᠷ ᠨᠢ ᠪᠤᠰᠤᠳ ᠮᠤᠵᠢ ︵ᠰᠢᠭᠤᠳ ᠬᠠᠷᠢᠶ᠎ᠠ ᠬᠤᠲᠠ᠂ | ᠥᠪᠡᠷᠲᠡᠭᠡᠨ ᠵᠠᠰᠠᠬᠤ ᠣᠷᠣᠨ︶ ᠪᠤᠶᠤ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠶᠢ | ᠥᠩᠭᠡᠷᠡᠭᠰᠡᠨ ᠤ ᠳᠠᠷᠠᠭ᠎ᠠ ︽ᠭᠠᠷ ᠳᠠᠮᠵᠢᠭᠤᠯᠬᠤ︾ ᠪᠢᠲᠡᠭᠦᠦ ᠴᠠᠭᠠᠷᠢᠭ ᠢᠶᠠᠷ ᠬᠥᠬᠡᠬᠤᠲᠠ ᠠᠴᠠ ᠭᠠᠷᠭᠠᠨ᠎ᠠ᠃ | ᠬᠤᠶᠠᠷ᠂ ᠣᠶᠢᠷ᠎ᠠ ᠬᠠᠪᠢᠳᠠᠯ ᠳᠤ ᠴᠥᠮ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠤᠨ | ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾ ᠶᠢ ᠬᠡᠷᠡᠭᠵᠢᠬᠦᠯᠵᠦ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠭᠰᠡᠨ 1᠂ 2᠂ 3᠂ 5᠂ 7 ᠳ᠋ᠤᠭᠠᠷ ᠡᠳᠦᠷ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 3 ᠳ᠋ᠤᠭᠠᠷ ᠡᠳᠦᠷ ᠪᠥᠭᠡᠮ | ᠬᠦᠴᠢᠯ ᠤᠨ ᠪᠠᠶᠢᠴᠠᠭᠠᠯᠲᠠ ᠬᠢᠨ᠎ᠡ᠃ | ᠭᠤᠷᠪᠠ᠂ ᠣᠶᠢᠷ᠎ᠠ ᠬᠠᠪᠢᠳᠠᠯ ᠤᠨ ᠣᠶᠢᠷ᠎ᠠ ᠬᠠᠪᠢᠳᠠᠯ ᠳᠤ ᠴᠥᠮ ︽7 ᠡᠳᠦᠷ ᠭᠡᠷ ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ | ︾᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠣᠯ᠂ | ᠮᠥᠨ ᠲᠥᠪᠯᠡᠷᠡᠭᠦᠯᠦᠨ ᠲᠤᠰᠠᠭᠠᠷᠯᠠᠨ᠎ᠠ᠃ | ᠳᠥᠷᠪᠡ᠂ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠥᠨᠳᠥᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠨ | ᠰᠠᠭᠤᠭᠰᠠᠨ ᠲᠡᠦᠬᠡ ᠲᠠᠢ ᠬᠥᠬᠡᠬᠤᠲᠠ ᠳᠤ ᠢᠷᠡᠭᠰᠡᠨ ︵ᠪᠤᠴᠠᠭᠰᠠᠨ︶ ᠬᠥᠮᠥᠰ ︵ᠪᠤᠶᠤ ᠡᠷᠡᠭᠦᠯ ᠮᠡᠨᠳᠦ ᠶᠢᠨ ᠺᠣᠳ᠋ ᠨᠢ ᠤᠯᠠᠭᠠᠨ ᠥᠩᠭᠡ ᠲᠠᠢ ᠬᠥᠮᠥᠰ︶ | ᠡᠷᠬᠡᠪᠰᠢ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠦᠨᠡᠨ ᠪᠣᠳᠠᠲᠠᠢ ᠪᠠᠷ ᠮᠡᠳᠡᠭᠦᠯᠵᠦ᠂ ᠪᠦᠭᠦᠳᠡ ᠶᠢ ︽7 ᠡᠳᠦᠷ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ︾ ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ 1᠂ 2᠂ | 3᠂ 5᠂ 7 ᠳ᠋ᠤᠭᠠᠷ ᠡᠳᠦᠷ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠠᠴᠠ ᠠᠶᠤᠯ ᠲᠦᠭᠰᠢᠭᠦᠷᠢ ᠲᠠᠢ ᠣᠷᠣᠨ ᠠᠴᠠ ᠭᠠᠳᠠᠭᠰᠢ ᠭᠠᠷᠤᠭᠰᠠᠨ ᠬᠥᠮᠥᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ | ᠃ | ᠲᠠᠪᠤ᠂ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠨ | ᠰᠠᠭᠤᠭᠰᠠᠨ ᠲᠡᠦᠬᠡ ᠲᠠᠢ ᠬᠥᠬᠡᠬᠤᠲᠠ ᠳᠤ ᠢᠷᠡᠭᠰᠡᠨ ︵ᠪᠤᠴᠠᠭᠰᠠᠨ︶ ᠬᠥᠮᠥᠰ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠰᠢᠷ᠎ᠠ ᠥᠩᠭᠡ ᠲᠠᠢ ᠬᠥᠮᠥᠰ︶ | ᠡᠷᠬᠡᠪᠰᠢ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠦᠨᠡᠨ ᠪᠣᠳᠠᠲᠠᠢ ᠪᠠᠷ ᠮᠡᠳᠡᠭᠦᠯᠵᠦ᠂ ᠪᠦᠬᠦᠨ ᠳᠤᠨᠢ ︽7 ᠡᠳᠦᠷ ᠭᠡᠷ ᠲᠤᠨᠢ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ︾ ᠬᠢᠵᠦ᠂ ᠭᠡᠷ ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ 1᠂ 4᠂ 7 ᠳ᠋ᠤᠭᠠᠷ ᠡᠳᠦᠷ ᠲᠤ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠭᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠮᠥᠨ ᠲᠥᠪᠯᠡᠷᠡᠭᠦᠯᠦᠨ ᠲᠤᠰᠠᠭᠠᠷᠯᠠᠨ᠎ᠠ | ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠠᠶᠤᠯ ᠲᠦᠭᠰᠢᠭᠦᠷᠢ ᠲᠠᠢ ᠣᠷᠣᠨ ᠠᠴᠠ ᠭᠠᠳᠠᠭᠰᠢ ᠭᠠᠷᠤᠭᠰᠠᠨ | ᠬᠥᠮᠥᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠵᠢᠷᠭᠤᠭ᠎ᠠ᠂ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠬᠡᠬᠤᠲᠠ ᠳᠤ ᠢᠷᠡᠭᠰᠡᠨ ︵ | ᠪᠤᠴᠠᠭᠰᠠᠨ︶ ᠬᠥᠮᠥᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ 3 | ᠡᠳᠦᠷ ᠤᠨ ᠳᠣᠲᠣᠷ᠎ᠠ ︵ᠲᠦᠭᠰᠢᠭᠦᠷᠢ ᠲᠠᠢ ᠭᠠᠵᠠᠷ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠣᠳᠣᠨ᠎ᠠ︶ ᠬᠤᠶᠠᠷ ᠤᠳᠠᠭ᠎ᠠ ᠪᠥᠭᠡᠮ ᠬᠦᠴᠢᠯ ᠤᠨ | ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃ | ᠳᠣᠯᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠳ ᠡᠮᠨᠡᠯᠭᠡ ᠶᠢᠨ ᠬᠤᠷᠢᠶ᠎ᠠ ︵ᠴᠢᠩᠭᠡᠯᠢᠭ ᠡᠮᠨᠡᠯᠭᠡ ᠶᠢᠨ ᠬᠤᠷᠢᠶ᠎ᠠ︶ | ᠠᠴᠠ ᠭᠠᠷᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠵᠤ᠂ ᠦᠷᠭᠦᠯᠵᠢᠯᠡᠨ 7 ᠡᠳᠦᠷ ᠤᠨ ᠭᠡᠷ ᠪᠦᠯᠢ ᠶᠢᠨ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠬᠢᠵᠦ᠂ 3᠂ 7 ᠳ᠋ᠤᠭᠠᠷ ᠡᠳᠦᠷ ᠲᠤ ᠲᠣᠰ ᠬᠥᠮᠥᠨ ᠵᠢᠴᠢ ᠲᠡᠭᠦᠨ ᠲᠠᠢ ᠬᠠᠮᠲᠤ ᠰᠠᠭᠤᠭ᠎ᠠ ᠬᠥᠮᠥᠰ ᠲᠤ ᠲᠣᠰ ᠲᠣᠰ ᠨᠢᠭᠡ | ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠨᠠᠢᠮᠠ᠂ ᠶᠠᠭ ᠲᠤᠰᠠᠭᠠᠷᠯᠠᠬᠤ ᠬᠤᠭᠤᠴᠠᠭᠠᠨ ᠳᠠᠭᠠᠨ ᠪᠠᠶᠢᠭ᠎ᠠ ᠳᠡᠭᠡᠷ᠎ᠡ ᠳᠤᠷᠠᠳᠤᠭᠰᠠᠨ ᠬᠥᠮᠥᠰ᠂ ᠲᠣᠰ ᠠᠯᠪᠠᠨ ᠵᠠᠷᠯᠠᠯ ᠢ ᠦᠨᠳᠦᠰᠦᠯᠡᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠳᠡᠭᠡᠨ ᠲᠣᠬᠢᠷᠠᠭᠤᠯᠤᠯᠲᠠ ᠬᠢᠵᠦ᠂ ︽ᠨᠥᠬᠦᠵᠦ ᠭᠦᠢᠴᠡᠭᠡᠬᠦ︾ ᠵᠠᠷᠴᠢᠮ ᠶᠣᠰᠣᠭᠠᠷ ᠲᠠᠷᠠᠭᠠᠴᠢ ᠶᠢᠨ ᠬᠠᠮᠢᠶᠠᠷᠤᠯᠲᠠ ᠶᠢ | ᠪᠡᠶᠡᠯᠡᠭᠦᠯᠦᠨ᠎ᠡ᠂ ᠨᠢᠭᠡᠨᠲᠡ ᠲᠤᠰᠠᠭᠠᠷᠯᠠᠬᠤ ᠬᠤᠭᠤᠴᠠᠭ᠎ᠠ ᠠᠴᠠ ᠥᠩᠭᠡᠷᠡᠭᠰᠡᠨ ᠪᠠᠶᠢᠪᠠᠯ᠂ ᠲᠤᠰᠠᠭᠠᠷᠯᠠᠬᠤ ᠠᠴᠠ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ | ᠤᠷᠢᠲᠠᠯ ᠳᠣᠣᠷ᠎ᠠ᠂ ᠲᠤᠰᠠᠭᠠᠷᠯᠠᠬᠤ ᠠᠴᠠ ᠭᠠᠷᠭᠠᠨ᠎ᠠ᠃ | ᠶᠢᠰᠦ᠂ ᠳᠡᠭᠡᠷ᠎ᠡ ᠳᠤᠷᠠᠳᠤᠭᠰᠠᠨ ᠠᠶᠤᠯ ᠲᠦᠭᠰᠢᠭᠦᠷᠢ ᠲᠠᠢ ᠬᠥᠮᠥᠰ ᠠᠴᠠ ᠪᠤᠰᠤᠳ ᠬᠥᠬᠡᠬᠤᠲᠠ ᠳᠤ ᠢᠷᠡᠭᠰᠡᠨ ︵ᠪᠤᠴᠠᠭᠰᠠᠨ︶ ᠬᠥᠮᠥᠰ 48 | ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠦᠭᠡᠳ ᠪᠡᠶ᠎ᠡ ᠶᠢᠨ ᠳᠤᠯᠠᠭᠠᠨ ᠤ ᠬᠡᠮᠵᠢᠯᠲᠡ ᠳᠤ ᠬᠡᠪ ᠤᠨ | ᠪᠤᠰᠤ ᠪᠠᠶᠢᠳᠠᠯ ᠦᠭᠡᠢ ᠪᠣᠯ ᠰᠢᠭᠤᠳ ᠨᠡᠪᠲᠡᠷᠡᠨ᠎ᠡ᠃ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ | ᠦᠭᠡᠢ ᠪᠣᠯ᠂ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠭᠠᠵᠠᠷ ᠪᠤᠶᠤ ︽ᠨᠢᠭᠡ ᠪᠠᠭᠤᠳᠠᠯ ᠬᠤᠶᠠᠷ ᠥᠷᠲᠡᠭᠡ︾ ᠳᠤ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ | ᠪᠥᠭᠡᠮ ᠬᠦᠴᠢᠯ ᠤᠨ ᠥᠯᠢᠭᠡᠷ ᠠᠪᠤᠭᠤᠯᠤᠭᠰᠠᠨ ᠤ ᠳᠠᠷᠠᠭ᠎ᠠ ᠳᠠᠷᠤᠢ ᠶᠠᠪᠤᠵᠤ ᠪᠣᠯᠣᠨ᠎ᠠ᠃ | ᠠᠷᠪᠠ᠂ ᠭᠠᠳᠠᠷ ᠣᠷᠣᠨ ᠠᠴᠠ ᠬᠥᠬᠡᠬᠤᠲᠠ ᠳᠤ ᠢᠷᠡᠭᠰᠡᠨ ︵ᠪᠤᠴᠠᠭᠰᠠᠨ︶ ᠪᠣᠶ ᠪᠦᠬᠦᠢ ᠬᠥᠮᠥᠰ ᠬᠥᠬᠡᠬᠤᠲᠠ ᠳᠤ ᠢᠷᠡᠭᠰᠡᠨ ᠤ ᠳᠠᠷᠠᠭ᠎ᠠ | ᠰᠠᠨᠠᠭᠠᠴᠢᠯᠠᠭ᠎ᠠ ᠠᠴᠠ ᠪᠠᠨ ᠺᠣᠳ᠋ ᠰᠢᠷᠪᠢᠵᠦ᠂ ᠺᠣᠳ᠋ ᠢᠶᠠᠨ ᠦᠵᠡᠭᠦᠯᠬᠦ ᠶᠢᠨ ᠬᠠᠮᠲᠤ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠬᠡᠷᠡᠭᠲᠡᠢ᠃ | ᠠᠷᠪᠠᠨ ᠨᠢᠭᠡ᠂ ᠥᠷᠭᠡᠨ ᠣᠯᠠᠨ ᠬᠤᠲᠠ ᠶᠢᠨ ᠠᠷᠠᠳ ᠳᠤᠮᠳᠠ ᠵᠡᠷᠭᠡ ᠥᠨᠳᠥᠷ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠵᠢᠴᠢ | ᠲᠡᠭᠦᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠳᠤ ᠴᠢᠬᠤᠯᠠ ᠦᠭᠡᠢ ᠪᠣᠯ ᠣᠴᠢᠬᠤ ᠦᠭᠡᠢ ᠪᠠᠶᠢᠬᠤ ᠶᠢ ᠰᠠᠨᠠᠭᠠᠴᠢᠯᠠᠨ᠎ᠠ᠂ ᠡᠷᠬᠡᠪᠰᠢ | ᠶᠠᠪᠤᠬᠤ ᠴᠢᠬᠤᠯᠠ ᠲᠠᠢ ᠪᠣᠯ ᠪᠥᠬᠦ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠣᠯᠬᠤ ᠶᠢᠨ ᠳᠣᠲᠣᠷ᠎ᠠ ᠬᠥᠮᠥᠨ ᠬᠠᠷ᠎ᠠ | ᠪᠥᠭᠡᠮᠨᠡᠷᠡᠭᠰᠡᠨ ᠭᠠᠵᠠᠷ ᠲᠤ ᠣᠴᠢᠬᠤ ᠦᠭᠡᠢ︔ ᠮᠠᠨ ᠤ ᠬᠤᠲᠠ ᠳᠠᠭᠠᠨ ᠪᠤᠴᠠᠭᠰᠠᠨ ᠤ ᠳᠠᠷᠠᠭ᠎ᠠ᠂ ᠢᠳᠡᠪᠬᠢᠲᠡᠢ ᠬᠠᠮᠵᠢᠯᠴᠠᠨ ᠬᠤᠯᠪᠣᠭᠳᠠᠯ ᠪᠦᠬᠦᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠬᠤᠶᠠᠷ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠ ᠪᠠᠨ ᠰᠠᠶᠢᠲᠤᠷ ᠭᠦᠢᠴᠡᠳᠬᠡᠵᠦ᠂ | ᠰᠢᠨ᠎ᠡ ᠲᠢᠲᠢᠮᠯᠢᠭ ᠸᠢᠷᠦ᠋ᠰ ᠤᠨ ᠪᠦᠬᠦ ᠸᠠᠺᠼᠢᠨ ᠢ ᠳᠠᠷᠢᠵᠤ᠂ ᠭᠠᠳᠠᠭᠰᠢ ᠭᠠᠷᠬᠤ ᠳᠠᠭᠠᠨ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ | ᠰᠠᠯᠬᠢ ᠨᠡᠪᠲᠡᠷᠡᠭᠦᠯᠬᠦ᠂ ᠳᠤᠲᠠᠭᠤ ᠪᠥᠭᠡᠮᠨᠡᠷᠡᠬᠦ᠂ ᠣᠪᠣᠭᠠᠷᠠᠬᠤ ᠦᠭᠡᠢ᠂ ︽ᠨᠢᠭᠡ ᠮᠧᠲᠷ ᠤᠨ ᠱᠤᠭᠤᠮ︾ ᠤᠨ ᠨᠡᠶᠢᠭᠡᠮ ᠤᠨ ᠬᠠᠷᠢᠯᠴᠠᠭᠠᠨ ᠤ ᠠᠶᠤᠯᠭᠦᠢ ᠵᠠᠢ | ᠵᠡᠷᠭᠡ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠵᠢᠭᠤᠯᠴᠢᠯᠠᠨ ᠰᠠᠭᠤᠭᠰᠠᠨ ᠲᠡᠦᠬᠡ ᠪᠠ ᠣᠶᠢᠷᠠᠲᠤᠭᠰᠠᠨ ᠲᠡᠦᠬᠡ ᠪᠠᠨ ᠵᠣᠷᠢᠭᠤᠳᠠ ᠮᠡᠳᠡᠭᠦᠯᠬᠦ ᠦᠭᠡᠢ ᠪᠤᠶᠤ | ᠮᠡᠳᠡᠭᠦᠯᠬᠦ ᠦᠭᠡᠢ ᠨᠢᠭᠤᠭᠰᠠᠨ᠂ ᠪᠠᠶᠢᠴᠠᠭᠠᠯᠲᠠ ᠠᠴᠠ ᠵᠣᠷᠢᠭᠤᠳᠠ ᠵᠠᠶᠢᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ | ᠰᠢᠢᠳᠬᠡᠵᠦ᠂ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰ ᠠᠯᠪᠠᠨ ᠵᠠᠷᠯᠠᠯ ᠢ ᠲᠤᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠠᠵᠠᠷ | 2022 ᠣᠨ ᠤ 6 ᠳ᠋ᠤᠭᠠᠷ ᠰᠠᠷ᠎ᠠ ᠶᠢᠨ 30 ᠤ ᠡᠳᠦᠷ |