ᠬᠥᠬᠡᠬᠤᠲᠠ ᠶᠢᠨ ᠨᠣᠮ ᠤᠨ ᠰᠠᠩ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠨᠡᠭᠡᠭᠡᠬᠦ ᠴᠠᠭ  ᠲᠠᠭᠠᠨ ᠲᠣᠬᠢᠷᠠᠭᠤᠯᠤᠯᠲᠠ ᠬᠢᠨ᠎ᠡ
ᠨᠡᠶᠢᠲᠡᠯᠡᠭᠰᠡᠨ ᠴᠠᠭ᠄
2022/7/1
      ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ 6 ᠳ᠋ᠤᠭᠠᠷ ᠰᠠᠷ᠎ᠠ ᠶᠢᠨ 30 ᠤ ᠡᠳᠦᠷ ᠬᠥᠬᠡᠬᠤᠲᠠ ᠶᠢᠨ ᠨᠣᠮ ᠤᠨ ᠰᠠᠩ ᠠᠴᠠ ᠣᠶᠢᠯᠠᠭᠠᠭᠰᠠᠨ ᠢᠶᠠᠷ᠂ ᠲᠣᠰ ᠨᠣᠮ ᠤᠨ ᠰᠠᠩ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠨᠡᠭᠡᠭᠡᠬᠦ ᠴᠠᠭ ᠲᠠᠭᠠᠨ ᠲᠣᠬᠢᠷᠠᠭᠤᠯᠤᠯᠲᠠ ᠬᠢᠨ᠎ᠡ᠃      ᠪᠣᠳᠠᠲᠠᠢ ᠲᠣᠬᠢᠷᠠᠭᠤᠯᠤᠯᠲᠠ ᠶᠢᠨ ᠴᠠᠭ ᠨᠢ᠄ ᠵᠢᠭᠡᠯᠡᠨ ᠤᠩᠰᠢᠬᠤ ᠲᠣᠭᠤᠷᠢᠭ ︵ᠳᠠᠪᠲᠠᠯᠭ᠎ᠠ ᠪᠠᠭᠲᠠᠨ᠎ᠠ︶ ᠤᠨ ᠨᠡᠭᠡᠭᠡᠬᠦ ᠴᠠᠭ ᠢ 8᠄ 30 ︱ 18᠄ 30 ᠪᠣᠯᠭᠠᠨ ᠲᠣᠬᠢᠷᠠᠭᠤᠯᠵᠤ᠂ ᠦᠳᠡ ᠳᠤ ᠡᠭᠦᠳᠡ ᠪᠠᠨ ᠬᠠᠭᠠᠬᠤ ᠦᠭᠡᠢ︔ ᠨᠢᠭᠡᠳᠦᠭᠡᠷ ᠳᠠᠪᠬᠤᠷᠯᠢᠭ ᠤᠨ ᠥᠪᠡᠰᠦᠪᠡᠨ ᠬᠦᠢᠴᠡᠳᠭᠡᠬᠦ ᠨᠣᠮ ᠤᠨ ᠰᠠᠩ ᠤᠨ ᠡᠳᠦᠷ ᠨᠡᠭᠡᠭᠡᠬᠦ ᠴᠠᠭ ᠢ 8᠄ 00 ︱ 18᠄ 30 ᠪᠣᠯᠭᠠᠨ ᠲᠣᠬᠢᠷᠠᠭᠤᠯᠵᠤ᠂ ᠰᠥᠨᠢ ᠨᠡᠭᠡᠭᠡᠬᠦ ᠴᠠᠭ ᠢ 19᠄ 00 ︱ 22᠄ 00 ᠪᠣᠯᠭᠠᠨ ᠲᠣᠬᠢᠷᠠᠭᠤᠯᠤᠨ᠎ᠠ᠃ ᠪᠤᠰᠤᠳ ᠨᠡᠭᠡᠭᠡᠬᠦ ᠳᠦᠷᠢᠮ᠂ ᠤᠷᠢᠳᠴᠢᠯᠠᠨ ᠪᠣᠯᠵᠣᠬᠤ ᠳᠦᠷᠢᠮ ᠪᠣᠯᠣᠨ ᠬᠢᠵᠢᠭ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠤᠪᠢᠷᠠᠭᠤᠯᠬᠤ ᠦᠭᠡᠢ᠂ ᠤᠩᠰᠢᠭᠴᠢᠳ ᠦᠷᠭᠦᠯᠵᠢᠯᠡᠨ ᠵᠢᠷᠤᠮᠯᠠᠬᠤ ᠴᠢᠬᠤᠯᠠᠲᠠᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ