ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/7/12
20220712-1.jpg
      ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠡᠬᠢᠯᠡᠭᠰᠡᠨ ᠠᠴᠠ ᠨᠠᠰᠢ᠂ ᠢᠦᠢ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠣᠬᠢᠷᠠᠭᠤᠯᠭ᠎ᠠ ᠪᠠᠷ ᠠᠵᠢᠯᠲᠠᠳ ᠢᠶᠠᠨ ᠢᠳᠡᠪᠬᠢᠲᠡᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠯᠠᠪᠳᠠᠭᠤᠨ ᠪᠠᠲᠤᠲᠠᠢ ᠠᠬᠢᠭᠤᠯᠵᠤ᠂ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠤᠨ ᠠᠵᠢᠯᠯᠠᠭ᠎ᠠ ᠳᠤ ᠪᠦᠬᠦ ᠬᠦᠴᠦᠨ ᠢᠶᠠᠷ ᠢᠶᠠᠨ  ᠪᠠᠲᠤᠯᠠᠭ᠎ᠠ ᠬᠠᠩᠭᠠᠵᠤ ᠪᠠᠶᠢᠨ᠎ᠠ᠃ ᠵᠢᠷᠤᠭ ᠪᠣᠯ ᠠᠵᠢᠯᠲᠠᠳ ᠶᠠᠭ ᠬᠤᠳᠠᠯᠳᠤᠭᠠᠨ ᠤ ᠡᠷᠦᠬᠡ ᠶᠢᠨ ᠠᠷᠢᠭᠤᠳᠬᠠᠯ ᠤᠨ ᠡᠳ᠋ ᠪᠣᠳᠠᠰ ᠨᠢ ᠵᠢᠷᠤᠮ ᠲᠠᠢ ᠬᠢᠷᠢ ᠲᠡᠩᠴᠡᠬᠦ ᠡᠰᠡᠬᠦ ᠵᠡᠷᠭᠡ ᠪᠠᠶᠢᠳᠠᠯ ᠢ ᠪᠠᠶᠢᠴᠠᠭᠠᠨ ᠰᠢᠯᠭᠠᠵᠤ ᠬᠤᠯᠪᠣᠭᠳᠠᠯ ᠪᠦᠬᠦᠢ ᠠᠩᠬᠠᠷᠬᠤ ᠵᠦᠢᠯ ᠳᠤ ᠮᠡᠷᠭᠡᠵᠢᠯ ᠤᠨ ᠵᠢᠯᠣᠭᠤᠳᠤᠯᠭ᠎ᠠ ᠬᠢᠵᠦ ᠪᠠᠶᠢᠭ᠎ᠠ ᠨᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ