7 ᠳ᠋ᠤᠭᠠᠷ ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠣᠶᠢᠯᠠᠭᠠᠭᠰᠠᠨ ᠢᠶᠠᠷ᠂ 2022 ᠣᠨ ᠤ ᠯᠣᠣ ᠨᠢᠦ ᠸᠠᠨ ᠤ ᠬᠠᠲᠤᠨ ᠭᠤᠣᠯ ᠤᠨ ᠵᠤᠨ ᠤ ᠨᠠᠶᠢᠷ ᠤᠨ ᠰᠢᠷᠢᠰ ᠠᠵᠢᠯᠯᠠᠭ᠎ᠠ 7 ᠳ᠋ᠤᠭᠠᠷ ᠰᠠᠷ᠎ᠠ ᠶᠢᠨ 23 ᠤ | ᠡᠳᠦᠷ ᠠᠴᠠ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠶᠠᠪᠤᠭᠳᠠᠬᠤ ᠪᠠᠷ ᠪᠣᠢ᠃ ᠠᠵᠢᠯᠯᠠᠭ᠎ᠠ ᠨᠢ ᠯᠣᠣ ᠨᠢᠦ ᠸᠠᠨ ᠤ ᠬᠠᠲᠤᠨ ᠭᠤᠣᠯ ᠤᠨ ᠶᠡᠭᠡ | ᠬᠠᠪᠴᠢᠯ ᠤᠨ ᠵᠢᠭᠤᠯᠴᠢᠯᠠᠯ ᠤᠨ ᠣᠷᠣᠨ ᠳᠤ ᠶᠠᠪᠤᠭᠳᠠᠨ᠎ᠠ᠃ | ᠠᠩᠬᠠᠳᠤᠭᠠᠷ ᠬᠤᠭᠤᠴᠠᠭᠠᠨ ᠤ ᠯᠣᠣ ᠨᠢᠦ ᠸᠠᠨ ᠤ ᠬᠠᠲᠤᠨ ᠭᠤᠣᠯ ᠤᠨ ᠵᠤᠨ ᠤ ᠨᠠᠶᠢᠷ ᠤᠨ ᠰᠢᠷᠢᠰ ᠠᠵᠢᠯᠯᠠᠭ᠎ᠠ ᠶᠢ ᠬᠤᠶᠠᠷ ᠲᠠᠯᠠᠪᠠᠢ ᠬᠤᠪᠢᠶᠠᠪᠠ᠂ | ᠡᠭᠦᠨ ᠳᠤ ᠯᠣᠣ ᠨᠢᠦ ᠸᠠᠨ ᠤ ᠬᠠᠲᠤᠨ ᠭᠤᠣᠯ ᠤᠨ ᠳᠠᠭᠤᠤ ᠬᠦᠭᠵᠢᠮ ᠫᠢᠸᠤ᠋ ᠶᠢᠨ ᠨᠠᠶᠢᠷ ᠤᠨ ᠲᠠᠯᠠᠪᠠᠢ ᠪᠠ ᠯᠣᠣ ᠨᠢᠦ ᠸᠠᠨ ᠤ ᠭᠤᠣᠯ ᠤᠨ ᠬᠥᠪᠡᠭᠡᠨ ᠳᠤ | ᠣᠳᠤᠳ ᠰᠣᠨᠢᠷᠬᠠᠬᠤ ᠬᠡᠭᠡᠷ᠎ᠡ ᠶᠢᠨ ᠪᠠᠭᠤᠴᠠ ᠶᠢᠨ ᠨᠠᠶᠢᠷ ᠪᠠᠭᠲᠠᠵᠤ᠂ ᠭᠤᠶᠢᠳᠠ ᠦᠵᠡᠮᠵᠢ᠂ ᠰᠠᠶᠢᠨ ᠠᠷᠢᠬᠢ᠂ ᠠᠮᠲᠠᠲᠤ ᠢᠳᠡᠭᠡᠨ᠂ ᠤᠷᠠᠯᠢᠭ ᠤᠨ | ᠦᠵᠡᠭᠦᠯᠦᠯᠭᠡ᠂ ᠲᠠᠶᠢᠰᠠᠨ ᠤ ᠤᠷᠠᠯᠢᠭ ᠵᠡᠷᠭᠡ ᠪᠠᠷ ᠳᠠᠮᠵᠢᠭᠤᠯᠤᠨ ︽ᠢᠳᠡᠵᠦ ᠤᠤᠭᠤᠬᠤ᠂ ᠬᠤᠨᠤᠵᠤ ᠬᠡᠪᠲᠡᠬᠦ᠂ ᠠᠶᠠᠯᠠᠵᠤ ᠲᠣᠭᠤᠷᠢᠬᠤ᠂ ᠵᠤᠭᠠᠴᠠᠵᠤ | ᠨᠠᠭᠠᠳᠤᠬᠤ᠂ ᠶᠠᠭᠤᠮ᠎ᠠ ᠪᠠᠷᠠᠭ᠎ᠠ ᠬᠤᠳᠠᠯᠳᠤᠨ ᠠᠪᠬᠤ᠂ ᠵᠤᠭᠠᠯᠠᠵᠤ ᠴᠡᠩᠬᠡᠯᠳᠦᠬᠦ︾ ᠶᠢ ᠬᠠᠮᠤᠷᠤᠭᠰᠠᠨ ᠬᠠᠮ ᠬᠡᠯᠪᠡᠷᠢ ᠶᠢᠨ ᠬᠠᠲᠤᠨ ᠭᠤᠣᠯ ᠤᠨ | ᠵᠢᠭᠤᠯᠴᠢᠯᠠᠯ ᠢ ᠪᠣᠢ ᠪᠣᠯᠭᠠᠨ᠎ᠠ᠃ | ᠵᠢᠭᠤᠯᠴᠢᠯᠠᠭᠴᠢᠳ ᠲᠤ ᠰᠠᠨᠠᠭᠤᠯᠬᠤ ᠨᠢ᠂ ᠠᠵᠢᠯᠯᠠᠭ᠎ᠠ ᠶᠢᠨ ᠲᠠᠯᠠᠪᠠᠶ ᠳᠤ ᠣᠷᠣᠬᠤ ᠳᠠᠭᠠᠨ ᠬᠦ᠋ᠬᠡᠬᠤᠲᠠ ᠶᠢᠨ ᠺᠣᠳ᠋ ᠰᠢᠯᠭᠠᠬᠤ ᠳᠤ ᠬᠠᠮᠵᠢᠯᠴᠠᠨ᠂ | ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ᠂ ᠠᠮᠠᠪᠴᠢ ᠵᠡᠭᠦᠵᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠬᠡᠷᠡᠭᠲᠡᠢ᠃ ᠬᠥᠬᠡᠬᠤᠲᠠ ᠳᠤ ᠢᠷᠡᠬᠦ ︵ | ᠪᠤᠴᠠᠬᠤ︶ ᠬᠥᠮᠥᠰ 48 ᠴᠠᠭ ᠤᠨ ᠳᠣᠲᠤᠷᠠᠬᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ | ᠬᠡᠷᠡᠭᠲᠡᠢ᠃ |