ᠬᠤᠷᠢᠨᠭᠡᠷ ᠰᠢᠶᠠᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/18
7.18全县安全生产工作会议召开.png
      7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠢ ᠬᠦᠯᠢᠶᠡᠨ ᠠᠪᠴᠤ ᠦᠵᠡᠭᠰᠡᠨ ᠤ ᠳᠠᠷᠠᠭ᠎ᠠ᠂ ᠬᠤᠷᠢᠨᠭᠡᠷ ᠰᠢᠶᠠᠨ ᠬᠠᠮᠤᠭ ᠤᠨ ᠲᠦᠷᠦᠭᠦᠨ ᠳᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠴᠢᠬᠤᠯᠠᠴᠢᠯᠠᠵᠤ᠂ ᠲᠠᠬᠢᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠯᠢᠦᠶ ᠶᠣᠣ ᠯᠦᠩ᠂ ᠪᠠᠶ ᠬᠤᠤ᠂ ᠳ᠋ᠦ᠋ ᠰᠢᠶᠤᠤ ᠭᠤᠸᠠᠩ᠂ ᠮᠠ ᠵᠢᠶᠦ᠋ᠨ ᠸᠧᠶ᠂ ᠡᠯ᠎ᠡ ᠬᠤᠯᠪᠣᠭᠳᠠᠯ ᠪᠥᠬᠦᠶ ᠨᠢᠭᠡᠴᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠤᠢᠢᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠪᠠᠰᠠ ᠪᠥᠬᠦ ᠰᠢᠶᠠᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠭᠰᠠᠨ ᠪᠠ ᠴᠡᠭᠴᠡᠯᠡᠨ ᠥᠭᠡᠷᠡᠴᠢᠯᠡᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠬᠤᠶᠢᠨᠠᠬᠢ ᠬᠡᠰᠡᠭ ᠤᠨ ᠲᠣᠰ ᠠᠵᠢᠯ ᠢ ᠳᠠᠬᠢᠨ ᠪᠠᠶᠢᠷᠢᠯᠠᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠠᠬᠢᠨ ᠲᠣᠳᠣᠷᠬᠠᠶᠢᠯᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠪᠠᠶᠢᠴᠠᠭᠠᠵᠤ᠂ ᠶᠡᠭᠡ ᠭᠡᠮ ᠰᠣᠭᠤᠭ ᠢ ᠠᠷᠢᠯᠭᠠᠵᠤ᠂ ᠶᠡᠭᠡ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠶᠢᠨ ᠲᠦᠭᠰᠢᠭᠦᠷᠢ ᠶᠢᠨ ᠰᠡᠷᠭᠡᠶᠢᠯᠡᠯᠲᠡ ᠶᠢ ᠰᠠᠶᠢᠲᠣᠷ ᠠᠳᠬᠤᠬᠤ ᠬᠡᠷᠡᠭᠲᠡᠢ ᠭᠡᠵᠦ ᠴᠢᠩᠭᠠᠳᠬᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠥᠪᠡᠰᠦᠪᠡᠨ ᠪᠠᠷᠢᠭᠰᠠᠨ ᠪᠣᠶ ᠪᠥᠬᠦᠶ ᠬᠡᠷ ᠪᠠᠶᠢᠰᠢᠩ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠠᠷᠢᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠦᠨᠡᠨ ᠪᠠᠶᠢᠳᠠᠯ ᠢ ᠲᠣᠳᠣᠷᠬᠠᠶ ᠣᠶᠢᠯᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠡᠷ ᠪᠠᠶᠢᠰᠢᠩ ᠢ ᠴᠤ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠷᠭᠦᠯᠵᠢᠯᠡᠨ ᠬᠥᠳᠡᠯᠦᠩᠭᠦᠶ ᠪᠠᠷ ᠳᠣᠭᠢᠷᠠᠭᠤᠯᠤᠨ ᠲᠡᠭᠦᠯᠳᠡᠷᠵᠢᠭᠦᠯᠵᠦ᠂ ᠥᠪᠡᠰᠦᠪᠡᠨ ᠬᠡᠷ ᠪᠠᠷᠢᠬᠤ ᠬᠠᠮᠢᠶᠠᠷᠤᠯᠲᠠ ᠶᠢ ᠠᠯᠬᠤᠮ ᠠᠯᠬᠤᠮ ᠢᠶᠠᠷ ᠵᠢᠷᠤᠮᠵᠢᠭᠰᠠᠨ ᠵᠠᠮ ᠳᠤ ᠣᠷᠣᠭᠤᠯᠬᠤ ᠶᠢ ᠦᠨᠡᠨ ᠬᠦ ᠳᠥᠯᠭᠢᠨ ᠠᠬᠢᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ