ᠮᠠᠨ ᠤ ᠬᠤᠲᠠ ︽ᠮᠦᠩᠭᠡ ᠰᠤᠪᠠᠭ︾ App ᠶᠢᠨ ︽ᠳᠠᠭᠠᠳᠬᠠᠯ ᠳᠤ ᠣᠷᠣᠯᠴᠠᠭᠰᠠᠨ ᠭᠡᠷᠡᠴᠢ︾ ᠶᠢ ᠥᠪᠡᠰᠦᠪᠡᠨ ᠳᠠᠷᠤᠮᠠᠯᠯᠠᠬᠤ ᠦᠢᠯᠡᠴᠢᠯᠡᠭᠡ ᠶᠢ ᠨᠡᠭᠡᠭᠡᠪᠡ
ᠨᠡᠶᠢᠲᠡᠯᠡᠭᠰᠡᠨ ᠴᠠᠭ᠄
2022/7/18
      ᠰᠤᠷᠪᠤᠯᠵᠢᠯᠠᠭᠴᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠯᠠᠨ ᠲᠦᠮᠡᠨ ᠤ ᠬᠠᠯᠠᠭᠤᠨ ᠢᠶᠠᠷ ᠠᠩᠬᠠᠷᠴᠤ ᠪᠠᠶᠢᠭ᠎ᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠳᠠᠭᠠᠭᠠᠨ ᠭᠦᠢᠴᠡᠳᠬᠡᠬᠦ ᠺᠣᠮᠫᠠᠨᠢ ᠯᠤᠭ᠎ᠠ ᠣᠯᠠᠨ ᠤᠳᠠᠭ᠎ᠠ ᠵᠣᠬᠢᠴᠠᠭᠤᠯᠬᠤ᠂ ᠨᠡᠪᠲᠡᠷᠡᠯᠴᠡᠬᠦ᠂ ᠰᠢᠯᠭᠠᠨ ᠲᠤᠷᠰᠢᠬᠤ ᠪᠠᠷ ᠳᠠᠮᠵᠢᠭᠠᠳ 7 ᠳ᠋ᠤᠭᠠᠷ ᠰᠠᠷ᠎ᠠ ᠳᠤ ᠪᠥᠬᠦ ᠣᠷᠣᠨ ᠳᠤ ︽ᠮᠦᠩᠭᠡ ᠰᠤᠪᠠᠭ︾ App ᠶᠢᠨ ︽ᠳᠠᠭᠠᠳᠬᠠᠯ ᠳᠤ ᠣᠷᠣᠯᠴᠠᠭᠰᠠᠨ ᠭᠡᠷᠡᠴᠢ ︾ ᠶᠢ ᠥᠪᠡᠰᠦᠪᠡᠨ ᠳᠠᠷᠤᠮᠠᠯᠯᠠᠬᠤ ᠦᠢᠯᠡᠴᠢᠯᠡᠭᠡ ᠶᠢ ᠨᠡᠭᠡᠭᠡᠪᠡ᠃      ᠣᠶᠢᠯᠠᠭᠠᠭᠰᠠᠨ ᠢᠶᠠᠷ᠂ ᠡᠭᠦᠨ ᠠᠴᠠ ᠡᠮᠦᠨ᠎ᠡ᠂ ᠮᠤᠵᠢ ᠠᠯᠤᠰᠯᠠᠭᠰᠠᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠲᠤᠬᠠᠶᠢᠯᠠᠭᠰᠠᠨ ᠠᠵᠢᠯ ᠳᠤ ᠳᠠᠭᠠᠳᠬᠠᠯ ᠳᠤ ᠣᠷᠣᠯᠴᠠᠭᠰᠠᠳ ᠶᠡᠭᠡ ᠲᠢᠩᠬᠢᠮ ᠳᠤ ᠬᠦᠷᠴᠦ ︽ᠳᠠᠭᠠᠳᠬᠠᠯ ᠳᠤ ᠣᠷᠣᠯᠴᠠᠭᠰᠠᠨ ᠭᠡᠷᠡᠴᠢ︾ ᠶᠢ ᠳᠠᠷᠤᠮᠠᠯᠯᠠᠭᠰᠠᠨ ᠤ ᠳᠠᠷᠠᠭ᠎ᠠ ᠳᠠᠬᠢᠭᠠᠳ ᠮᠤᠵᠢ ᠶᠢᠨ ᠭᠠᠳᠠᠨ᠎ᠠ ᠣᠴᠢᠵᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠪᠠ᠂ ᠡᠨᠡ ᠨᠢ ᠳᠠᠭᠠᠳᠬᠠᠯ ᠳᠤ ᠣᠷᠣᠯᠴᠠᠭᠰᠠᠳ ᠲᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃  ᠣᠳᠣ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠮᠤᠵᠢ  ᠠᠯᠤᠰᠯᠠᠭᠰᠠᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠶᠢ ᠭᠦᠢᠴᠡᠳᠬᠡᠬᠦ ᠴᠢᠬᠤᠯᠠᠲᠠᠢ ᠬᠥᠮᠥᠰ ︽ᠮᠦᠩᠭᠡ ᠰᠤᠪᠠᠭ︾ App ᠢ ᠪᠠᠭᠤᠯᠭᠠᠭᠰᠠᠨ ᠤ ᠳᠠᠷᠠᠭ᠎ᠠ᠂ ︽ᠮᠦᠩᠭᠡ ᠰᠤᠪᠠᠭ︾ ᠤᠨ ᠭᠠᠷ  ᠤᠳᠠᠰᠤᠨ ᠤ App ᠳᠡᠭᠡᠷ᠎ᠡ ᠭᠠᠷᠴᠤ᠂ ︽ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠶᠢᠵᠤ᠂ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ ᠡᠮᠨᠡᠯᠭᠡ ︶ ᠳᠤ ᠣᠷᠣᠯᠴᠠᠭᠰᠠᠨ ᠭᠡᠷᠡᠴᠢ ᠶᠢ ᠳᠠᠷᠤᠮᠠᠯᠯᠠᠬᠤ︾ ᠶᠢ ᠲᠣᠪᠴᠢᠳᠠᠭᠠᠳ ᠳᠠᠷᠤᠮᠠᠯᠯᠠᠭᠰᠠᠨ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ ᠡᠮᠨᠡᠯᠭᠡ︶ ᠳᠤ ᠣᠷᠣᠯᠴᠠᠭᠰᠠᠨ ᠭᠡᠷᠡᠴᠢ︾ ᠪᠠᠨ ᠰᠢᠯᠵᠢᠭᠦᠯᠦᠨ ᠣᠷᠤᠭᠤᠯᠬᠤ ᠭᠠᠵᠠᠷ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠲᠤᠰᠢᠶᠠᠵᠤ᠂ ᠰᠢᠯᠵᠢᠭᠦᠯᠦᠨ ᠣᠷᠤᠭᠤᠯᠬᠤ ᠭᠠᠵᠠᠷ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ ᠡᠮᠨᠡᠯᠭᠡ︶ ᠳᠤ ᠣᠷᠣᠯᠴᠠᠭᠰᠠᠨ ᠭᠡᠷᠡᠴᠢ︾ ᠶᠢ ᠣᠯᠣᠭᠰᠠᠨ ᠤ ᠳᠠᠷᠠᠭ᠎ᠠ᠂ ᠰᠦᠯᠵᠢᠶᠡᠨ ᠬᠤᠯᠪᠤᠭ᠎ᠠ ᠶᠢᠨ ᠵᠠᠭᠪᠤᠷ ᠪᠤᠶᠤ ᠰᠦᠯᠵᠢᠶᠡᠨ ᠭᠠᠳᠠᠨ᠎ᠠ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠰᠢᠯᠵᠢᠭᠦᠯᠦᠨ ᠵᠠᠯᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠪᠡᠯ ᠪᠣᠯᠴᠢᠬᠠᠨ᠎ᠠ᠂ ᠡᠨᠡ ᠨᠢ ᠳᠠᠭᠠᠳᠬᠠᠯ ᠳᠤ ᠣᠷᠣᠯᠴᠠᠭᠰᠠᠳ ᠤᠨ ᠰᠢᠯᠵᠢᠭᠦᠯᠦᠨ ᠣᠷᠣᠭᠤᠯᠬᠤ ᠭᠠᠵᠠᠷ ᠪᠠ ᠰᠢᠯᠵᠢᠭᠦᠯᠦᠨ ᠭᠠᠷᠭᠠᠬᠤ ᠭᠠᠵᠠᠷ ᠲᠤ ᠨᠠᠰᠢ ᠴᠠᠰᠢ ᠭᠦᠶᠦᠬᠦ ᠶᠠᠷᠰᠢᠭ ᠢ ᠪᠠᠭᠠᠰᠬᠠᠵᠤ᠂ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ︾ ᠪᠣᠯᠭᠠᠭᠰᠠᠨ ᠪᠠᠶᠢᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ