2022 ᠣᠨ ᠤ ᠬᠥᠬᠡᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠨᠢᠭᠡᠳᠦᠯᠲᠡᠢ  ᠰᠤᠷᠤᠭᠴᠢ ᠡᠯᠰᠡᠬᠦ ᠬᠤᠪᠢ ᠶᠢᠨ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2022/7/18
      ︵ᠰᠤᠷᠪᠤᠯᠵᠢᠯᠠᠭᠴᠢ ᠮᠢᠶᠣᠣ ᠴᠢᠩ︶ 7 ᠳ᠋ᠤᠭᠠᠷ ᠰᠠᠷ᠎ᠠ ᠶᠢᠨ 16 ᠤ ᠡᠳᠦᠷ ᠤᠨ 18 ᠴᠠᠭ ᠲᠤ᠂ 2022 ᠣᠨ ᠤ ᠠᠩᠬᠠᠳᠤᠭᠠᠷ ᠤᠳᠠᠭᠠᠨ ᠤ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠨᠢᠭᠡᠳᠦᠯᠲᠡᠢ ᠰᠤᠷᠤᠭᠴᠢ ᠡᠯᠰᠡᠬᠦ ᠠᠵᠢᠯ ᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠠ ᠴᠠᠭ ᠲᠤᠬᠠᠢ ᠳᠤᠨᠢ ᠡᠯᠰᠡᠬᠦ ᠠᠵᠢᠯ ᠳᠠᠭᠤᠰᠪᠠ᠃ ᠲᠣᠰ ᠣᠷᠣᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ 2022 ᠣᠨ ᠤ ᠬᠥᠬᠡᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠢ ᠰᠤᠷᠤᠭᠴᠢ ᠡᠯᠰᠡᠬᠦ ᠬᠤᠪᠢ ᠶᠢᠨ ᠱᠤᠭᠤᠮ ᠢ ᠨᠡᠶᠢᠲᠡᠯᠡᠪᠡ᠃      ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠬᠥᠬᠡᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠨᠢᠭᠡᠳᠦᠯᠲᠡᠢ ᠰᠤᠷᠤᠭᠴᠢ ᠡᠯᠰᠡᠬᠦ ᠬᠤᠪᠢ ᠶᠢᠨ ᠱᠤᠭᠤᠮ ᠢᠶᠠᠷ ᠪᠣᠯ᠂ ᠡᠯᠰᠡᠬᠦ ᠬᠤᠪᠢ ᠪᠠᠷ ᠬᠠᠮᠤᠭ ᠤᠨ ᠥᠨᠳᠥᠷ ᠨᠢ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠣᠯᠣᠨ᠎ᠠ᠃ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠷᠦ᠋ ᠢ ᠰᠤᠷᠭᠠᠭᠤᠯᠢ ᠶᠢᠨ ᠲᠣᠭᠤᠷᠢᠭ︶ ᠶᠢᠨ ᠡᠯᠰᠡᠬᠦ ᠬᠤᠪᠢ ᠨᠢ 561 ᠬᠤᠪᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠬᠥᠯᠥᠨ ᠰᠤᠷᠭᠠᠭᠤᠯᠢ ᠶᠢᠨ ᠲᠣᠭᠤᠷᠢᠭ︶ ᠶᠢᠨ ᠡᠯᠰᠡᠬᠦ ᠬᠤᠪᠢ ᠨᠢ 555 ᠬᠤᠪᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠡᠯᠰᠡᠬᠦ ᠬᠤᠪᠢ ᠨᠢ 542.8 ᠬᠤᠪᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠯᠰᠡᠬᠦ ᠬᠤᠪᠢ ᠨᠢ 526.8 ᠬᠤᠪᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠯᠰᠡᠬᠦ ᠬᠤᠪᠢ ᠨᠢ 514.3 ᠬᠤᠪᠢ ᠪᠣᠯᠣᠨ᠎ᠠ᠃      2022 ︱ 2023 ᠰᠤᠷᠤᠯᠭ᠎ᠠ ᠶᠢᠨ ᠣᠨ ᠤ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠬᠤᠪᠢᠶᠠᠨ ᠡᠯᠰᠡᠬᠦ  ᠠᠵᠢᠯ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠲᠥᠯᠥᠪᠯᠡᠭᠡ ᠶᠢ 7  ᠳ᠋ᠤᠭᠠᠷ ᠰᠠᠷ᠎ᠠ ᠶᠢᠨ 17 ᠤ ᠡᠳᠦᠷ ᠨᠡᠶᠢᠲᠡᠯᠡᠵᠦ᠂  ᠬᠤᠪᠢᠶᠠᠨ ᠡᠯᠰᠡᠬᠦ ᠰᠤᠷᠤᠭᠴᠢ ᠶᠢᠨ ᠲᠤᠭ᠎ᠠ ᠨᠢ 3627 ᠬᠥᠮᠥᠨ ᠪᠣᠯᠣᠨ᠎ᠠ᠃ ᠡᠭᠦᠨ ᠳᠤ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ 475 ᠬᠥᠮᠥᠨ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠷᠦ᠋ ᠢ ᠰᠤᠷᠭᠠᠭᠤᠯᠢ ᠶᠢᠨ ᠲᠣᠭᠤᠷᠢᠭ︶ 472 ᠬᠥᠮᠥᠨ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠬᠥᠯᠥᠨ ᠰᠤᠷᠭᠠᠭᠤᠯᠢ ᠶᠢᠨ ᠲᠣᠭᠤᠷᠢᠭ︶ 364 ᠬᠥᠮᠥᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ 315 ᠬᠥᠮᠥᠨ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ 340 ᠬᠥᠮᠥᠨ᠂ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ 395 ᠬᠥᠮᠥᠨ᠂ ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ 313 ᠬᠥᠮᠥᠨ᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ 325 ᠬᠥᠮᠥᠨ᠂ ᠬᠥᠬᠡᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ 367 ᠬᠥᠮᠥᠨ᠂ ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ 261 ᠬᠥᠮᠥᠨ ᠡᠯᠰᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ