ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/7/18
20220718.jpg
      ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ︽ᠪᠢ  ᠲᠠᠨ ᠢ ᠬᠠᠪᠰᠤᠷᠤᠶ᠎ᠠ︾  ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠰᠢ ᠼᠠᠢ ᠶᠤᠸᠠᠨ ᠵᠡᠭᠡᠯᠢ ᠭᠤᠳᠤᠮᠵᠢ ᠶᠢᠨ ᠰᠢᠩ ᠾᠧ ᠶᠤᠸᠠᠨ ᠨᠡᠶᠢᠭᠡᠮ ᠲᠣᠭᠤᠷᠢᠭ ᠲᠤ ᠣᠷᠣᠪᠠ᠃      ᠠᠵᠢᠯᠯᠠᠭ᠎ᠠ ᠳᠤᠮᠳᠠ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠤᠨ ᠮᠡᠳᠡᠯᠭᠡ ᠶᠢᠨ ᠤᠬᠠᠭᠤᠯᠭ᠎ᠠ ᠥᠷᠨᠢᠭᠦᠯᠦᠭᠰᠡᠨ ᠪᠥᠭᠡᠳ ᠠᠯᠪᠠᠨ ᠵᠢᠷᠤᠮ ᠤᠨ ᠡᠮᠴᠢᠯᠡᠭᠡ ᠪᠠ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠰᠠᠭᠤᠭᠠᠯᠢ ᠠᠷᠠᠳ ᠤᠨ ᠬᠦᠷᠢᠶᠡᠯᠡᠯ ᠢ ᠣᠯᠵᠠᠢ᠃      ᠲᠤᠰ ᠤᠳᠠᠭ᠎ᠠ ᠶᠢᠨ ᠠᠵᠢᠯᠯᠠᠭ᠎ᠠ ᠶᠢ ᠢᠦᠢ ᠴᠢᠦᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠣᠯᠯᠠᠨ ᠡᠷᠬᠢᠯᠡᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠣᠯᠣᠨ ᠲᠣᠭᠤᠷᠢᠭ ᠤᠨ ᠤᠯᠠᠭᠠᠨᠮᠥ᠋ᠴᠢᠷ ᠵᠡᠷᠭᠡ ᠨᠢᠭᠡᠴᠡ ᠠᠴᠠ ᠳᠠᠭᠠᠭᠠᠴᠢᠯᠠᠨ ᠡᠷᠬᠢᠯᠡᠪᠡ᠃ ᠰᠤᠷᠪᠤᠯᠵᠢᠯᠠᠭᠴᠢ ᠠᠷᠢᠭᠤᠨ᠎ᠠ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ