ᠴᠢᠩ ᠱᠦᠢ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠣᠯᠪᠠ
ᠨᠡᠶᠢᠲᠡᠯᠡᠭᠰᠡᠨ ᠴᠠᠭ᠄
2022/7/19
      ︵ᠰᠤᠷᠪᠤᠯᠵᠢᠯᠠᠭᠴᠢ ᠴᠡᠪᠡᠷᠬᠠᠰ︶ 7 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠬᠦ ᠲᠤᠬᠠᠢ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠶᠢ ᠭᠤᠶᠤᠴᠢᠯᠠᠬᠤ ᠠᠵᠢᠯ ᠢ ᠢᠳᠡᠪᠬᠢᠲᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠬᠤ ᠪᠠᠷ ᠳᠡᠮᠵᠢᠨ᠂ 7 ᠳ᠋ᠤᠭᠠᠷ ᠰᠠᠷ᠎ᠠ ᠶᠢᠨ ᠡᠬᠢ ᠪᠠᠷ᠂ ᠴᠢᠩ ᠱᠦᠢ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠲᠣᠭᠲᠠᠭᠠᠵᠤ᠂ ᠲᠥᠪ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠲᠥᠰᠥᠪ ︵ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ︶ ᠤᠨ 1178 ᠲᠦᠮᠡᠨ ᠲᠥᠭᠦᠷᠢᠭ ᠣᠯᠪᠠ᠃       ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠡᠳ᠋ ᠤᠨ ᠵᠠᠰᠠᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠬᠤᠰᠢᠭᠤ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠢᠳᠡᠪᠬᠢᠲᠡᠢ ᠵᠢᠯᠣᠭᠤᠳᠤᠨ ᠲᠦᠯᠬᠢᠨ ᠠᠬᠢᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠳᠤᠮᠳᠠᠬᠢ ᠵᠠᠬ᠎ᠠ ᠳᠡᠯᠭᠡᠭᠦᠷ ᠤᠨ ᠳᠤᠲᠠᠭᠳᠠᠯ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠶᠠᠨ ᠤ ᠬᠡᠪᠴᠢᠶ᠎ᠡ ᠪᠠ ᠰᠢᠶᠠᠩ ᠪᠠᠯᠭᠠᠰᠤ ᠶᠢᠨ ᠬᠦᠢᠰᠦ ᠪᠠ ᠵᠠᠩᠭᠢᠯᠠᠭ᠎ᠠ ᠶᠢᠨ ᠴᠡᠭ ᠤᠨ ᠦᠢᠯᠡᠳᠦᠯ ᠢ ᠪᠠᠳᠠᠷᠠᠭᠤᠯᠵᠤ᠂ ᠰᠢᠶᠠᠨ᠂ ᠰᠢᠶᠠᠩ᠂ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠥᠨ ᠵᠢᠯᠤᠭᠤᠳᠴᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ