ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/7/20
7.20副县长吕耀龙督导检查安全生产工作.png
      7 ᠰᠠᠷ᠎ᠠ ᠶᠢᠨ 18 ᠤ ᠡᠳᠦᠷ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ ᠨᠠᠷ ᠤᠷᠢᠳ ᠬᠤᠵᠢᠳ ᠮᠧᠩ ᠨᠢᠦ ᠰᠦ ᠶᠢᠨ ᠦᠢᠯᠡᠰ ᠤᠨ ᠭᠤᠷᠪᠠᠳᠤᠭᠠᠷ ᠬᠤᠭᠤᠴᠠᠭ᠎ᠠ ᠪᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠱᠧᠩ ᠶᠤᠸᠠᠨ ᠴᠡᠴᠡᠷᠯᠢᠭ ᠤᠨ ᠲᠣᠰᠣ ᠨᠡᠮᠡᠬᠦ ᠥᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ ᠬᠢᠨᠠᠨ ᠵᠢᠯᠣᠭᠤᠳᠴᠤ ᠪᠠᠶᠢᠴᠠᠭᠠᠪᠠ᠃ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃      ᠯᠢᠦᠶ ᠶᠣᠣ ᠯᠦᠩ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠶ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠣᠯᠠᠬᠤ ᠬᠡᠷᠡᠭᠲᠡᠢ ᠭᠡᠪᠡ᠃      ᠯᠢᠦᠶ ᠶᠣᠣ ᠯᠦᠩ ᠱᠠᠭᠠᠷᠳᠠᠭᠰᠠᠨ ᠨᠢ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠮᠤᠷ ᠲᠦᠪᠰᠢᠨ ᠤ ᠳᠠᠯᠳᠠ ᠬᠡᠮ ᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠪᠠᠷ ᠰᠢᠪᠠᠳᠠᠨ ᠱᠠᠭᠠᠷᠳᠠᠵᠤ᠂ ᠠᠵᠤ ᠠᠬᠤᠶᠢᠯᠠᠯ ᠢ ᠴᠠᠭ ᠲᠤᠬᠠᠶ ᠳᠤᠨᠢ ᠬᠠᠪᠰᠤᠷᠤᠨ ᠬᠤᠯᠪᠣᠭᠳᠠᠯ ᠪᠥᠬᠦᠶ ᠠᠰᠠᠭᠤᠳᠠᠯ ᠢ ᠰᠢᠢᠳᠪᠦᠷᠢᠯᠡᠵᠦ᠂ ᠠᠶᠤᠯᠭᠦᠶ ᠦᠶ᠋ᠯᠡᠳᠪᠦᠷᠢᠯᠡᠯ ᠤᠨ ︽ᠬᠠᠮᠠᠭᠠᠯᠠᠯᠲᠠ ᠶᠢᠨ ᠲᠣᠤᠷ︾ ᠢ ᠯᠠᠪᠳᠠᠭᠤᠨ ᠪᠠᠲᠤᠲᠠᠶ ᠪᠠᠶᠢᠭᠤᠯᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠢᠨ ᠬᠥᠭᠵᠢᠯᠲᠡ ᠪᠣᠯᠤᠨ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠤᠷ ᠲᠦᠪᠰᠢᠨ ᠤ ᠬᠡᠮ ᠰᠣᠭᠤᠭ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦᠨ ᠢ ᠪᠦᠷᠬᠦᠬᠦᠯᠵᠦ᠂ ᠥᠨᠴᠥᠭ ᠪᠤᠯᠤᠩ ᠦᠭᠡᠢ ᠪᠠᠶᠢᠯᠭᠠᠬᠤ ᠬᠡᠷᠡᠭᠲᠡᠢ ᠭᠡᠵᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ