ᠬᠤᠷᠢᠨᠭᠡᠷ ᠰᠢᠶᠠᠨ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
7.21和林格尔县召开近期重点工作推进会.jpg
      7 ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠡᠯ᠎ᠡ ᠨᠢᠭᠡᠴᠡ᠂ ᠰᠢᠶᠠᠩ ᠪᠠᠯᠭᠠᠰᠤ ᠵᠢᠴᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠬᠢᠨᠠᠨ ᠲᠣᠭᠲᠠᠭᠠᠬᠤ ᠠᠵᠢᠯ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠠᠷᠢᠭᠤᠨ ᠴᠡᠪᠡᠷ ᠢᠶᠠᠷ ᠳᠤᠯᠠᠭᠠᠯᠠᠬᠤ ᠲᠦᠷᠦᠯ ᠵᠦᠢᠯ ᠢ ᠲᠥᠯᠥᠪᠵᠢᠭᠦᠯᠬᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠱᠠᠳᠤ ᠦᠶᠡᠴᠢ ᠴᠢᠨᠠᠷᠲᠠᠢ ᠰᠢᠢᠳᠪᠦᠷᠢᠯᠡᠵᠦ ᠳᠠᠭᠤᠰᠬᠠᠭᠰᠠᠨ ᠬᠡᠷᠡᠭ ᠢ ᠰᠢᠢᠳᠪᠦᠷᠢᠯᠡᠬᠦ ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠳᠠᠩᠰᠠ ᠡᠪᠬᠡᠮᠡᠯ ᠪᠠᠶᠢᠭᠤᠯᠬᠤ ᠠᠵᠢᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠠᠰᠠᠭᠤᠳᠠᠯ᠂ ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠴᠠ ᠪᠠᠨ ᠣᠨᠣᠪᠴᠢᠲᠠᠢ ᠣᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ 2022 ᠣᠨ ᠤ ᠳᠣᠣᠷ᠎ᠠ ᠬᠠᠭᠠᠰ ᠵᠢᠯ ᠤᠨ ᠠᠵᠢᠯ ᠨᠢᠭᠡᠨᠲᠡ ᠡᠬᠢᠯᠡᠪᠡ᠂ ᠪᠦᠬᠦ ᠰᠢᠶᠠᠨ ᠤ ᠳᠡᠭᠡᠳᠦ ᠳᠤᠤᠷᠠᠳᠤ ᠱᠠᠳᠤ ᠪᠠᠷ ᠢᠶᠠᠨ ᠡᠷᠬᠡᠪᠰᠢ ᠬᠠᠷᠠᠯᠲᠠ ᠪᠠᠨ ᠲᠣᠭᠲᠠᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠳᠤᠷᠢᠳᠤᠯᠭ᠎ᠠ ᠲᠦᠷᠦᠭᠦᠯᠡᠨ ᠵᠢᠱᠢᠶ᠎ᠡ ᠦᠵᠡᠭᠦᠯᠵᠦ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠤᠨ ᠠᠵᠢᠯᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠶ ᠪᠠᠷ ᠭᠠᠷᠳᠠᠨ ᠬᠢᠵᠦ᠂ ᠡᠬᠢᠯᠡᠯᠲᠡ ᠲᠠᠢ ᠲᠡᠭᠦᠰᠬᠡᠯ ᠲᠠᠢ ᠪᠠᠶᠢᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠦᠨᠡᠨ ᠬᠦ ᠡᠷᠡᠰ ᠰᠢᠭᠤᠷᠬᠠᠶ ᠠᠷᠭ᠎ᠠ ᠬᠡᠮᠵᠢᠶ᠎ᠡ ᠪᠣᠯᠭᠠᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠱᠠᠳᠤ ᠱᠠᠳᠤ ᠪᠠᠷ ᠡᠭᠦᠷᠭᠡᠯᠡᠵᠦ᠂ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠵᠣᠬᠢᠰᠲᠠᠢ ᠲᠤᠬᠢᠷᠠᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠰᠠᠬᠢᠯᠭ᠎ᠠ ᠪᠠᠲᠤ ᠪᠣᠯᠤᠨ ᠶᠣᠰᠣ ᠳᠦᠷᠢᠮ ᠤᠨ ᠤᠬᠠᠮᠰᠠᠷ ᠢ ᠴᠢᠩᠭᠠᠳᠬᠠᠵᠤ᠂ ᠰᠠᠬᠢᠯᠭ᠎ᠠ ᠪᠠᠲᠤ ᠶᠢ ︽ᠴᠠᠬᠢᠯᠭᠠᠨ ᠲᠠᠢ ᠪᠣᠯᠭᠠᠬᠤ︾ ᠪᠣᠯᠭᠠᠵᠤ᠂ ᠶᠣᠰᠣ ᠳᠦᠷᠢᠮ ᠢ ︽ᠰᠦᠷ ᠬᠦᠴᠦᠨ ᠲᠠᠢ ᠪᠣᠯᠭᠠᠬᠤ︾ ᠪᠣᠯᠭᠠᠵᠤ᠂ ᠬᠦᠯᠢᠶᠡᠵᠦ ᠳᠡᠶᠢᠯᠬᠦ ᠦᠭᠡᠢ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ᠂ ᠰᠠᠭᠤᠵᠤ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ