ᠴᠢᠩ ᠱᠦᠢ ᠾᠧ ᠰᠢᠶᠠᠨ ᠤ ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠵᠢᠴᠢ ︽ᠶᠣᠣ ᠱᠠᠩ ᠲᠢᠶᠠᠨ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢᠨ ᠲᠠᠨᠢᠯᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/21
      ︵ᠰᠤᠷᠪᠤᠯᠵᠢᠯᠠᠭᠴᠢ ᠯᠢᠶᠠᠩ ᠵᠢᠩ ᠱᠤ᠋ ᠳᠠᠳᠤᠯᠭ᠎ᠠ ᠶᠢᠨ ᠰᠤᠷᠤᠬᠴᠢ ᠴᠧᠨ ᠮᠧᠩ ᠶᠤᠸᠠᠨ︶ 7 ᠳ᠋ᠤᠭᠠᠷ ᠰᠠᠷ᠎ᠠ ᠶᠢᠨ 20 ᠤ ᠡᠳᠦᠷ᠂ ᠴᠢᠩ ᠱᠦᠢ ᠾᠧ ᠰᠢᠶᠠᠨ ᠤ ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠵᠢᠴᠢ ︽  ᠶᠣᠣ ᠱᠠᠩ ᠲᠢᠶᠠᠨ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢᠨ ᠲᠠᠨᠢᠯᠴᠠᠭᠤᠯᠬᠤ ᠬᠤᠷᠠᠯ ᠬᠤᠷᠠᠯᠳᠤᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠦᠸᠧ ᡁᠢ ᠭᠠᠩ᠂ ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠣᠷᠣᠯᠴᠠᠵᠠᠢ᠃      ᠲᠠᠨᠢᠯᠴᠠᠭᠤᠯᠬᠤ ᠬᠤᠷᠠᠯ ᠳᠡᠭᠡᠷ᠎ᠡ ᠴᠢᠩ ᠱᠦᠢ ᠾᠧ ᠰᠢᠶᠠᠨ ᠤ ᠨᠠᠷᠢᠮᠤ᠂ ᠴᠢᠩ ᠱᠦᠢ ᠾᠧ ᠰᠢᠶᠠᠨ ᠤ ᠰᠢᠯᠦᠬᠡᠢ᠂ ᠴᠢᠩ ᠱᠦᠢ ᠾᠧ ᠰᠢᠶᠠᠨ ᠤ ᠪᠤᠳᠠᠭᠠᠨ ᠼᠤᠤ᠂ ᠴᠢᠩ ᠱᠦᠢ ᠾᠧ ᠰᠢᠶᠠᠨ ᠤ ᠮᠠᠭᠠᠯᠢᠩᠭᠤ ᠶᠢᠨ ᠲᠣᠰᠣ᠂ ᠴᠢᠩ ᠱᠦᠢ ᠾᠧ ᠰᠢᠶᠠᠨ ᠤ ᠤᠯᠠᠭᠠᠨ ᠵᠢᠮᠢᠰ᠂ ᠴᠢᠩ ᠱᠦᠢ ᠾᠧ ᠰᠢᠶᠠᠨ ᠤ ᠴᠡᠴᠡᠭ ᠤᠨ ᠮᠥᠭᠦ ᠶᠢ ᠪᠠᠭᠲᠠᠭᠰᠠᠨ 6 ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠢ ᠲᠠᠨᠢᠯᠴᠠᠭᠤᠯᠪᠠ᠃ ᠡᠭᠦᠨ ᠤ ᠬᠠᠮᠲᠤ ᠴᠢᠩ ᠱᠦᠢ ᠾᠧ ᠰᠢᠶᠠᠨ ᠤ ᠣᠨᠴᠠᠯᠢᠭᠲᠤ ᠠᠮᠲᠠᠲᠤ ᠢᠳᠡᠭᠡᠨ ᠪᠣᠯᠣᠨ ᠨᠦᠬᠡᠨ ᠭᠡᠷ ᠤᠨ ᠰᠣᠶᠣᠯ ᠢ ᠲᠠᠨᠢᠯᠴᠠᠭᠤᠯᠵᠠᠢ᠃      ᠴᠢᠩ ᠱᠦᠢ ᠾᠧ ᠰᠢᠶᠠᠨ ᠤ ᠬᠢᠨ ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠣᠨᠴᠠᠯᠢᠭᠲᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠴᠢᠩ ᠱᠦᠢ ᠾᠧ ᠰᠢᠶᠠᠨ ᠤ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ ᠳᠤ ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠪᠦᠲᠦᠭᠡᠭᠳᠡᠬᠦᠨ︾ ᠤ ᠠᠵᠤ ᠦᠢᠯᠡᠰ ᠢ ᠠᠬᠢᠭᠤᠯᠬᠤ ᠲᠥᠯᠥᠪᠯᠡᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ