ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/22
      7 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠴᠢᠩ ᠱᠦᠶ ᠾᠧ ᠰᠢᠶᠠᠨ ᠤ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠴᠢᠩ ᠱᠦᠢ ᠡᡁᠧ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠴᠢᠩ ᠱᠦᠢ ᠡᡁᠧ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃
清水河县人民政府召开2022年第16次常务会.jpg
      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠡᠮᠳᠡᠭᠴᠦᠳ ᠤᠨ ᠠᠵᠢᠯ ᠳᠤ ᠠᠯᠢ ᠤᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠬᠡ ᠳᠠᠩᠰᠠ ᠪᠠᠶᠢᠭᠤᠯᠵᠤ᠂ ᠤᠯᠠᠨ ᠦᠷ᠎ᠡ ᠪᠦᠲᠦᠮᠵᠢ ᠲᠠᠢ ᠪᠠᠶᠢᠬᠤ ᠶᠢ ᠵᠡᠷᠭᠡᠪᠡᠷ ᠴᠢᠬᠤᠯᠠᠴᠢᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠪᠠᠶᠢᠴᠠᠭᠠᠨ ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠡᠮᠳᠡᠭᠴᠦᠳ ᠤᠨ ᠦᠨᠳᠦᠰᠦᠨ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠪᠤᠰᠬᠠᠬᠤ᠂ ᠡᠷᠡᠭᠦᠯᠵᠢᠯ ᠤᠨ ᠬᠥᠮᠦᠵᠢᠯ ᠵᠡᠷᠭᠡ ᠲᠠᠯ᠎ᠠ ᠪᠠᠷ ᠪᠣᠳᠠᠲᠠᠢ ᠡᠭᠦᠷᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠪᠦᠬᠦ ᠰᠢᠶᠠᠨ ᠤ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ ᠨᠡᠩ ᠤᠯᠠᠨ ᠪᠣᠯᠭᠠᠵᠤ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠣᠳᠣᠯᠬᠢᠯᠠᠨ ᠠᠵᠤ ᠦᠢᠯᠡᠳᠪᠦᠷᠢ ᠶᠢ ᠠᠳᠬᠤᠵᠤ᠂ ᠪᠦᠬᠦ ᠬᠦᠴᠦᠨ ᠢᠶᠠᠷ ᠢᠶᠠᠨ ᠠᠵᠤ ᠦᠢᠯᠡᠳᠪᠦᠷᠢ ᠶᠢ ᠠᠳᠬᠤᠵᠤ᠂ ᠲᠣᠯᠣᠭᠠᠶᠢᠯᠠᠭᠴᠢ ᠪᠠ ᠬᠡᠯᠬᠢᠶ᠎ᠡ ᠶᠢ ᠨᠥᠬᠦᠪᠥᠷᠢᠯᠡᠬᠦ ᠪᠠᠷ ᠬᠦᠴᠦᠯᠡᠵᠦ᠂ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠪᠠ ᠬᠡᠪᠴᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ᠂ ᠲᠦᠷᠦᠯ ᠲᠡᠮᠳᠡᠭ ᠡᠭᠦᠳᠬᠦ᠂ ᠵᠠᠬ᠎ᠠ ᠳᠡᠯᠭᠡᠭᠦᠷ ᠢ ᠥᠷᠭᠡᠳᠬᠡᠬᠦ ᠶᠢ ᠬᠦᠴᠦᠯᠡᠨ ᠠᠳᠬᠤᠵᠤ᠂ ᠠᠵᠤ ᠦᠢᠯᠡᠳᠪᠦᠷᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢ ᠠᠩᠬᠠᠷᠬᠤ᠂ ᠠᠵᠤ ᠦᠢᠯᠡᠳᠪᠦᠷᠢ ᠶᠢ ᠳᠡᠮᠵᠢᠬᠦ᠂ ᠠᠵᠤ ᠦᠢᠯᠡᠳᠪᠦᠷᠢ ᠳᠤ ᠦᠢᠯᠡᠴᠢᠯᠡᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠠᠵᠤ ᠠᠬᠤᠶᠢᠯᠠᠯ ᠤᠨ ᠲᠣᠭᠤᠷᠢᠨ ᠳᠤ ᠦᠢᠯᠡᠴᠢᠯᠡᠭᠡ ᠶᠢ ᠰᠠᠶᠢᠲᠤᠷ ᠬᠢᠬᠦ᠂ ᠪᠠᠲᠤᠯᠠᠭ᠎ᠠ ᠶᠢ ᠰᠠᠶᠢᠲᠤᠷ ᠬᠢᠬᠦ ᠪᠠᠷ ᠭᠤᠣᠯᠳᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠴᠢᠬᠤᠯᠠ ᠶᠡᠭᠡ ᠲᠦᠷᠦᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠬᠤ ᠬᠡᠷᠡᠭᠲᠡᠢ ᠭᠡᠵᠡᠢ᠃       ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃       ᠵᠢᠶᠤᠤ ᠴᠢᠶᠠᠨ᠂ ᠪᠠᠢ ᠬᠠᠢ ᠯᠢᠨ᠂ ᠸᠠᠩ ᠬᠤᠢ ᠮᠢᠨ᠂ ᠵᠠᠩ ᠷᠦ ᠭᠠᠩ᠂ ᠵᠠᠩ ᠰᠢᠶᠤᠤ ᠨᠢᠩ᠂ ᠬᠠᠢ ᠴᠢᠨ ᠬᠤᠷᠠᠯ ᠳᠤ ᠣᠷᠣᠯᠴᠠᠪᠠ᠃ ᠸᠠᠩ ᠱᠠᠨ ᠴᠢᠤᠸᠠᠨ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ