ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/7/22
       ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠢᠳᠡᠭᠡᠨ ᠤ ᠠᠮᠤᠷ ᠲᠦᠪᠰᠢᠨ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ 7 ᠰᠠᠷ᠎ᠠ ᠶᠢᠨ 18 ᠤ ᠡᠳᠦᠷ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠠᠰᠤᠭ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠲᠠᠰᠤᠭ᠂ ᠢᠳᠡᠭᠡᠨ ᠤᠮᠳᠠᠭᠠᠨ ᠤ ᠭᠦᠢᠯᠭᠡᠭᠡᠨ ᠤ ᠲᠠᠰᠤᠭ ᠤᠨ ᠠᠵᠢᠯᠲᠠᠨ ᠢ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠪᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠰᠬᠠᠶ ᠪᠠᠶᠢᠴᠠᠭᠠᠯᠲᠠ ᠬᠢᠵᠡᠶ᠃       ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠱᠧᠩ ᠯᠧ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠹᠧᠩ ᠬᠤᠸᠠ ᠠᠮᠢᠳᠤ ᠪᠣᠳᠠᠰ ᠤᠨ ᠮᠠᠰ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠠᠭᠤᠷ ᠤᠨ ᠭᠤᠣᠯ ᠬᠠᠮᠢᠶᠠᠷᠤᠯᠲᠠ ᠶᠢᠨ ᠵᠠᠮ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠤᠢᠢᠯᠠᠭᠠᠭᠰᠠᠨ ᠪᠥᠭᠡᠳ ᠠᠵᠤ ᠠᠬᠤᠶᠢᠯᠠᠯ ᠢ ᠴᠠᠭ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠪᠡᠶᠡᠯᠡᠭᠦᠯᠬᠦ ᠶᠢ ᠱᠠᠯᠠᠪᠳᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠡᠢ︔ ᠳᠠᠷᠠᠭ᠎ᠠ ᠨᠢ ᠵᠦᠩ ᠯᠢᠶᠠᠩ ᠺᠧ ᠺᠸᠤ ᠤᠮᠳᠠᠭᠠᠨ ︵ᠥᠪᠥᠷ ᠮᠣᠩᠭᠤᠯ︶ ᠤ ᠬᠢᠵᠠᠭᠠᠷᠲᠤ ᠺᠣᠮᠫᠠᠨᠢ ᠳᠤ ᠬᠦᠷᠴᠦ᠂ ᠲᠤᠰ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠷᠢᠮ ᠢ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠭᠦᠢᠴᠡᠳ ᠨᠤᠲᠠᠯᠠᠵᠠᠢ᠃       ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠡᠷᠡᠭᠯᠡᠬᠦ ᠨᠢᠭᠡᠴᠡ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠠᠳᠬᠤᠵᠤ᠂ ᠠᠵᠤ ᠠᠬᠤᠶᠢᠯᠠᠯ ᠤᠳ ᠲᠣᠭᠲᠠᠭᠰᠠᠨ ᠬᠤᠭᠤᠴᠠᠭ᠎ᠠ ᠲᠠᠢ ᠪᠠᠷ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠴᠧᠩ ᠭᠤᠸᠠᠨ ᠪᠠᠯᠭᠠᠰᠤᠨ ᠤ ᠬᠠᠷᠢᠶ᠎ᠠ ᠲᠣᠭᠤᠷᠢᠭ ᠲᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠯᠣᠩᠬᠤ ᠬᠡᠷᠡᠭᠯᠡᠵᠦ ᠪᠠᠶᠢᠭ᠎ᠠ ᠪᠠᠶᠢᠳᠠᠯ ᠢ ᠲᠣᠬᠢᠶᠠᠯᠳᠤᠯ ᠢᠶᠠᠷ ᠰᠣᠩᠭᠤᠨ ᠪᠠᠶᠢᠴᠠᠭᠠᠪᠠ᠃       ᠳᠠᠷᠠᠭ᠎ᠠ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠥᠬᠦᠭᠡᠷᠦᠮᠵᠢ᠂ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠢᠷᠠᠭᠤ ᠠᠯᠳᠠᠷᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠬᠠᠮᠤᠭ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ