ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ︽2022 ᠣᠨ ᠤ ᠬᠠᠲᠤᠨ ᠭᠤᠣᠯ ᠤᠨ ᠵᠤᠨ ᠤ ᠨᠠᠶᠢᠷ︾ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/7/25
      ︵ᠰᠤᠷᠪᠤᠯᠵᠢᠯᠠᠭᠴᠢ ᠯᠢᠶᠠᠩ ᠵᠢᠩ ᠱᠦ︶ 7 ᠳ᠋ᠤᠭᠠᠷ ᠰᠠᠷ᠎ᠠ ᠶᠢᠨ 23 ᠤ ᠣᠷᠣᠢ᠂ ︽2022 ᠣᠨ ᠤ ᠬᠠᠲᠤᠨ ᠭᠤᠣᠯ ᠤᠨ ᠵᠣᠨ ᠤ ᠨᠠᠶᠢᠷ︾ ᠤᠨ ᠰᠢᠷᠢᠰ ᠠᠵᠢᠯᠯᠠᠭ᠎ᠠ ᠴᠢᠩ ᠱᠦᠢ ᠾᠧ ᠰᠢᠶᠠᠨ ᠤ ᠯᠣᠸ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠳᠤ ᠡᠬᠢᠯᠡᠪᠡ᠃      ᠬᠤᠲᠠ ᠶᠢᠨ ᠳᠡᠳ᠋ ᠳᠠᠷᠤᠭ᠎ᠠ ᠸᠠᠩ ᠶᠠᠨ ᠵᠢᠶᠦ᠋ᠨ ᠠᠵᠢᠯᠯᠠᠭ᠎ᠠ ᠳᠤ ᠣᠷᠣᠯᠴᠠᠪᠠ᠃      ᠣᠶᠢᠯᠠᠭᠠᠭᠰᠠᠨ ᠢᠶᠠᠷ᠂ ᠠᠵᠢᠯᠯᠠᠭ᠎ᠠ ᠨᠢ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠦᠷᠭᠦᠯᠵᠢᠯᠡᠨ᠎ᠡ᠃ ᠲᠤᠬᠠᠢ  ᠶᠢᠨ ᠲᠠᠯᠠᠪᠠᠶ  ᠶᠢ ᠨᠡᠶᠢᠲᠡ ᠬᠤᠶᠠᠷ ᠠᠵᠢᠯᠯᠠᠭᠠᠨ ᠤ ᠲᠠᠯᠠᠪᠤᠷ— ᠯᠣᠣ ᠨᠢᠦ ᠸᠠᠨ ᠤ ᠬᠠᠲᠤᠨ ᠭᠤᠣᠯ ᠤᠨ ᠳᠠᠭᠤᠤ ᠬᠦᠭᠵᠢᠮ ᠫᠢᠸᠤ᠋ ᠶᠢᠨ ᠨᠠᠶᠢᠷ ᠪᠠ ᠯᠣᠣ ᠨᠢᠦ ᠸᠠᠨ ᠤ ᠭᠤᠣᠯ ᠤᠨ ᠬᠥᠪᠡᠭᠡᠨ ᠳᠠᠬᠢ  ᠤᠳᠤᠲᠤ ᠲᠡᠭᠷᠢ ᠬᠡᠭᠡᠷ᠎ᠡ ᠪᠠᠭᠤᠳᠠᠯᠯᠠᠬᠤ ᠨᠠᠶᠢᠷ ᠭᠡᠵᠦ ᠬᠤᠪᠢᠶᠠᠵᠠᠢ᠂ ᠡᠭᠦᠨ ᠳᠤ ᠫᠢᠸᠤ᠋ ᠶᠢᠨ ᠨᠠᠶᠢᠷ ᠤᠨ ᠲᠠᠯᠠᠪᠠᠶ ᠳᠤ ᠫᠢᠸᠤ᠋  ᠤᠤᠭᠤᠬᠤ ᠭᠠᠵᠠᠷ᠂ ᠴᠠᠭ ᠤᠨ ᠤᠷᠤᠰᠬᠠᠯ ᠲᠣᠭᠯᠠᠯᠲᠠ ᠶᠢᠨ ᠭᠠᠵᠠᠷ᠂ ᠣᠨᠴᠠᠯᠢᠭᠲᠤ ᠠᠮᠲᠠᠲᠤ ᠢᠳᠡᠭᠡᠨ ᠤ  ᠭᠠᠵᠠᠷ ᠵᠡᠷᠭᠡ ᠶᠢ ᠪᠠᠭᠲᠠᠭᠠᠵᠤ᠂ ᠨᠠᠢᠮᠠᠨ ᠲᠠᠯᠠᠪᠠᠶ ᠭᠤᠣᠯ ᠰᠡᠳᠦᠪᠲᠦ ᠭᠤᠴᠤ ᠰᠠᠶᠢᠬᠠᠨ ᠲᠣᠭᠯᠠᠯᠲᠠ ᠶᠢ ᠭᠠᠷᠠᠭ ᠪᠦᠷᠢ ᠵᠢᠭᠤᠯᠴᠢᠳ ᠲᠤ ᠬᠦᠷᠭᠡᠨ᠎ᠡ᠃      ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠲᠤᠨ ᠭᠤᠣᠯ᠂ ᠤᠷᠲᠤ ᠴᠠᠭᠠᠨ ᠬᠡᠷᠡᠮ᠂  ᠬᠤᠪᠢᠰᠬᠠᠯ ᠤᠨ ᠵᠢᠭᠤᠯᠴᠢᠯᠠᠯ ᠤᠨ ᠡᠬᠢ ᠪᠠᠶᠠᠯᠢᠭ ᠲᠤ ᠬᠠᠳᠠᠭᠠᠯᠠᠭᠳᠠᠵᠤ ᠪᠠᠶᠢᠭ᠎ᠠ ᠲᠡᠦᠬᠡ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ᠬᠠᠲᠤᠨ ᠭᠤᠣᠯ ᠤᠨ 几ᠥᠰᠥᠭ ᠤᠨ ᠲᠣᠬᠤᠢ ᠶᠢᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ︽ᠵᠢᠷᠭᠤᠭᠠᠨ ᠨᠢᠭᠡ︾ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠯᠣᠣ ᠨᠢᠦ ᠸᠠᠨ ᠤ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ᠂ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠪᠠ ᠯᠣᠣ ᠨᠢᠦ ᠫᠥᠸᠧ ᠶᠢᠨ ᠬᠤᠪᠢᠰᠬᠠᠯ ᠤᠨ ᠵᠢᠭᠤᠯᠴᠢᠯᠠᠯ ᠤᠨ ᠣᠷᠣᠨ ᠢᠶᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ