︽ᠬᠥᠬᠡᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ︵2022 ᠣᠨ ᠤ ᠬᠡᠪᠯᠡᠯ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/25
      ︽ᠰᠢᠨ᠎ᠡ ᠴᠠᠭ ᠦᠶ᠎ᠡ ᠶᠢᠨ ᠨᠠᠰᠤᠵᠢᠯ ᠤᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 35 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2021﹈ 116 ᠳ᠋ᠤᠭᠠᠷ ᠲᠣᠭᠠᠲᠤ︶ ᠶᠢᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ︽ᠬᠥᠬᠡᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ︵2022 ᠣᠨ ᠤ ᠬᠡᠪᠯᠡᠯ︾ ᠶᠢ ᠨᠡᠶᠢᠲᠡᠯᠡᠪᠡ᠂  ᠨᠠᠷᠢᠨ ᠬᠠᠭᠤᠳᠠᠰᠤ ᠳᠤ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ᠂ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠬᠠᠷᠠᠭᠠᠯᠵᠠᠯ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠷ ᠲᠡᠳᠬᠦᠬᠦ ᠵᠡᠷᠭᠡ 5 ᠲᠥᠷᠥᠯ ᠤᠨ ᠦᠢᠯᠡᠴᠢᠯᠡᠭᠡᠨ ᠤ ᠲᠥᠷᠥᠯ ᠵᠦᠢᠯ ᠪᠠᠭᠲᠠᠵᠤ᠂ ᠨᠡᠶᠢᠲᠡ 26 ᠪᠣᠳᠠᠲᠠᠢ ᠲᠥᠷᠥᠯ ᠵᠦᠢᠯ ᠪᠣᠶ᠃      ᠨᠠᠷᠢᠨ ᠲᠠᠩᠰᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠬᠡᠷᠡᠭᠵᠢᠭᠦᠯᠬᠦ ᠪᠠᠷᠢᠮᠵᠢᠶ᠎ᠠ ︵2021 ᠣᠨ ᠤ ᠬᠡᠪᠯᠡᠯ︶︾ ᠶᠢᠨ ᠦᠳᠡᠯᠬᠦ ᠦᠶ᠎ᠡ ᠳᠤ ᠭᠥᠷᠳᠡᠬᠦ ᠠᠰᠠᠷᠠᠮᠵᠢ ᠶᠢᠨ ᠬᠡᠰᠡᠭ ᠢ ᠬᠠᠮᠤᠷᠤᠭᠰᠠᠨ ᠪᠥᠭᠡᠳ ᠮᠠᠨ ᠤ ᠬᠤᠲᠠ ᠶᠢᠨ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠴᠢᠭᠯᠡᠭᠦᠯᠦᠨ ᠨᠡᠶᠢᠲᠡᠯᠡᠨ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠮᠬᠢᠯᠡᠨ ᠪᠠᠶᠠᠯᠢᠭᠵᠢᠭᠤᠯᠵᠤ ᠲᠡᠭᠦᠯᠳᠡᠷᠵᠢᠭᠦᠯᠦᠭᠰᠡᠨ ᠪᠠᠶᠢᠨ᠎ᠠ᠃ ᠨᠠᠷᠢᠨ ᠬᠠᠭᠤᠳᠠᠰᠤᠨ ᠳᠤ ᠮᠠᠨ ᠤ ᠬᠤᠲᠠ ᠶᠢᠨ  ᠦᠨᠳᠦᠰᠦᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠢᠯᠭᠠᠯ᠂ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠬᠦ ᠡᠲᠡᠭᠡᠳ᠂ ᠦᠢᠯᠡᠴᠢᠯᠡᠬᠦ ᠠᠭᠤᠯᠭ᠎ᠠ ᠵᠢᠴᠢ ᠪᠠᠷᠢᠮᠵᠢᠶ᠎ᠠ᠂ ᠵᠠᠷᠤᠯᠭ᠎ᠠ ᠶᠢᠨ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠢ ᠲᠣᠭᠲᠠᠭᠠᠪᠠ᠃      ᠨᠠᠰᠤᠵᠢᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠪᠣᠳᠠᠲᠠᠢ ᠪᠠᠶᠢᠳᠠᠯ᠄      ᠨᠢᠭᠡᠳᠦᠭᠡᠷ ᠲᠥᠷᠥᠯ᠄ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠥᠷᠥᠯ ᠵᠦᠢᠯ ᠳᠤ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠠᠮᠢᠳᠤᠷᠠᠯ ᠤᠨ ᠨᠥᠬᠦᠪᠦᠷᠢ ᠪᠠ ᠰᠤᠪᠢᠯᠠᠯᠲᠠ ᠶᠢᠨ ᠨᠥᠬᠦᠪᠦᠷᠢ ᠪᠠᠭᠲᠠᠨ᠎ᠠ᠃      ᠬᠤᠶᠠᠳᠤᠭᠠᠷ ᠲᠥᠷᠥᠯ᠄ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠳᠤ ᠬᠤᠭᠤᠯᠠ ᠤᠮᠳᠠ ᠶᠢᠨ ᠨᠥᠬᠦᠪᠦᠷᠢ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠭᠡᠷ ᠲᠤᠨᠢ ᠠᠰᠠᠷᠠᠬᠤ ᠦᠢᠯᠡᠴᠢᠯᠡᠭᠡ᠂ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠦᠢᠯᠡᠴᠢᠯᠡᠭᠡ᠂ ᠵᠡᠮᠳᠡᠭ ᠨᠠᠰᠤᠲᠠᠶᠢᠴᠤᠳ ᠤᠨ ᠠᠮᠢᠳᠤᠷᠠᠯ ᠤᠨ ᠪᠠᠲᠤᠯᠠᠭ᠎ᠠ ᠪᠠ ᠬᠠᠷᠠᠭᠠᠯᠵᠠᠨ ᠠᠰᠠᠷᠠᠬᠤ᠂ ᠲᠥᠯᠥᠪᠯᠡᠭᠡᠲᠦ ᠦᠷᠡᠵᠢᠯ ᠤᠨ  ᠣᠨᠴᠠᠭᠠᠢ ᠭᠡᠷ ᠪᠦᠯᠢ ᠶᠢ ᠲᠡᠳᠬᠦᠨ ᠳᠡᠮᠵᠢᠬᠦ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠᠭᠲᠠᠨ᠎ᠠ᠃      ᠭᠤᠷᠪᠠᠳᠤᠭᠠᠷ ᠲᠥᠷᠥᠯ᠄ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠳᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠥᠨᠳᠥᠷ ᠨᠠᠰᠤᠲᠠᠨ ᠤ ᠨᠡᠮᠡᠭᠦᠷᠢ᠂ ᠨᠠᠰᠤᠲᠠᠶᠢᠴᠤᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠤᠨ ᠭᠡᠷ ᠪᠦᠯᠢ ᠶᠢᠨ ᠪᠦᠷᠢᠯᠳᠦᠭᠦᠨ ᠤ ᠨᠠᠰᠤᠵᠢᠯ ᠤᠨ ᠠᠰᠠᠷᠠᠮᠵᠢ ᠶᠢᠨ ᠠᠰᠠᠷᠠᠨ ᠰᠣᠪᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠪᠠᠭᠲᠠᠨ᠎ᠠ᠃      ᠳᠥᠷᠪᠡᠳᠦᠭᠡᠷ ᠲᠥᠷᠥᠯ᠄ ᠨᠠᠰᠤᠲᠠᠶᠢᠴᠤᠳ ᠤᠨ ᠬᠠᠷᠠᠭᠠᠯᠵᠠᠯ ᠤᠨ ᠦᠢᠯᠡᠴᠢᠯᠡᠭᠡᠨ ᠤ ᠲᠥᠷᠥᠯ ᠵᠦᠢᠯ ᠳᠤ ᠨᠠᠰᠤᠲᠠᠶᠢᠴᠤᠳ ᠤᠨ ᠰᠡᠯᠡᠭᠦᠴᠡᠯ ᠠᠮᠠᠷᠠᠯᠲᠠ ᠶᠢᠨ ᠬᠠᠷᠠᠭᠠᠯᠵᠠᠯ ᠤᠨ ᠦᠢᠯᠡᠴᠢᠯᠡᠭᠡ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠷᠤᠳᠠᠯ ᠢ ᠬᠠᠰᠤᠵᠤ ᠬᠡᠯᠲᠦᠷᠢᠭᠦᠯᠬᠦ᠂ ᠡᠷᠦᠬᠡ ᠠᠮᠠ ᠰᠢᠯᠵᠢᠭᠦᠯᠬᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠵᠠᠷᠭᠤ ᠶᠢᠨ ᠦᠢᠯᠡᠴᠢᠯᠡᠭᠡ ᠪᠠᠭᠲᠠᠨ᠎ᠠ᠃      ᠲᠠᠪᠤᠳᠤᠭᠠᠷ ᠲᠥᠷᠥᠯ᠄ ᠨᠠᠰᠤᠵᠢᠯ ᠤᠨ ᠦᠢᠯᠡᠴᠢᠯᠡᠭᠡᠨ ᠤ ᠲᠡᠳᠬᠦᠮᠵᠢ ᠳᠤ ᠭᠡᠷ ᠪᠦᠯᠢ ᠶᠢᠨ ᠰᠤᠪᠢᠯᠠᠯᠲᠠ ᠶᠢᠨ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠨᠥᠬᠦᠪᠦᠷᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠷᠢᠭᠤᠴᠠᠯᠭ᠎ᠠ ᠶᠢᠨ ᠳᠠᠭᠠᠳᠬᠠᠯ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠡᠵᠡᠩᠨᠡᠯᠲᠡ ᠶᠢᠨ ᠱᠠᠩᠨᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠶᠢᠯᠢ ᠶᠢ ᠬᠡᠯᠳᠦᠷᠢᠭᠦᠯᠵᠦ ᠰᠦᠢᠳᠬᠡᠯ ᠢ ᠪᠠᠭᠤᠷᠠᠭᠤᠯᠬᠤ ᠪᠠᠭᠲᠠᠨ᠎ᠠ᠃      2021 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 255.61 ᠲᠦᠮᠡ ᠪᠠᠶᠢᠵᠤ᠂ ᠪᠦᠬᠦᠯᠢ 60 ᠨᠠᠰᠤᠨ  ᠠᠴᠠ ᠳᠡᠭᠡᠭᠰᠢᠬᠢ ᠡᠷᠦᠬᠡ ᠠᠮᠠ ᠶᠢᠨ ᠲᠠᠩᠰᠠ ᠲᠠᠢ ᠨᠠᠰᠤᠲᠠᠨ 55.52 ᠲᠦᠮᠡ ᠪᠠᠶᠢᠵᠤ᠂ ᠡᠷᠦᠬᠡ ᠠᠮᠠ ᠶᠢᠨ ᠲᠠᠩᠰᠠ ᠲᠠᠢ ᠪᠦᠬᠦ ᠬᠥᠮᠥᠨ ᠠᠮᠠ ᠶᠢᠨ 21.72% ᠢ ᠡᠵᠡᠯᠡᠵᠦ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠪᠠᠶᠢᠨ᠎ᠠ᠃ ᠨᠠᠷᠢᠨ ᠬᠠᠭᠤᠳᠠᠰᠤ ᠶᠢ ᠨᠡᠶᠢᠲᠡᠯᠡᠬᠦ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠭᠡᠷ ᠪᠦᠯᠢ ᠪᠠ ᠦᠷ᠎ᠡ ᠬᠡᠦᠬᠡᠳ ᠤᠨ ᠠᠴᠢᠯᠠᠨ ᠲᠡᠵᠢᠭᠡᠬᠦ ᠡᠭᠦᠷᠭᠡ ᠪᠠᠨ ᠰᠠᠶᠢᠲᠤᠷ ᠭᠦᠢᠴᠡᠳᠬᠡᠬᠦ ᠶᠢ ᠰᠢᠮᠳᠠᠭᠤᠯᠤᠨ᠂ ᠪᠥᠬᠦ ᠨᠡᠶᠢᠭᠡᠮ ᠢᠶᠠᠷ ᠢᠶᠠᠨ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠢ ᠶᠤᠮ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ      ᠲᠠᠶᠢᠯᠤᠮᠵᠢ ᠬᠢᠭᠴᠢ᠄ ᠹᠠᠨ ᠲᠤᠸ᠂ ᠬᠠᠷᠢᠯᠴᠠᠬᠤ ᠤᠲᠠᠰᠤ᠄ 5196302
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ