ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠬᠤᠷᠢᠨᠭᠡᠷ ᠰᠢᠶᠠᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠰᠬᠠᠶ ᠰᠡᠳᠦᠪᠲᠦ ᠰᠢᠨᠵᠢᠯᠡᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2022/7/27
7.27呼和浩特职业学院考察组前来我县就民族团结进步创建工作进行专题考察.jpg
      7 ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ ᠯᠢᠦ ᠬᠤᠶ ᠬᠤᠸᠠ ᠨᠠᠷ ᠮᠠᠨ ᠤ ᠰᠢᠶᠠᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠨᠢᠩ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠰᠢᠶᠠᠨ ᠤ ᠱᠧᠩ ᠯᠧ ᠪᠠᠯᠭᠠᠰᠤ ᠶᠢᠨ ᠲᠠᠶᠢᠵᠢ ᠶᠢᠨ ᠠᠶᠢᠯ ᠲᠣᠰᠬᠤᠨ᠂ ᠱᠧᠩ ᠯᠧ ᠮᠦᠽᠧᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠢᠨᠭᠡᠷ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠱᠧᠩ ᠴᠦᠨ ᠬᠤᠸᠠ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠤᠬᠠᠭᠤᠯᠭ᠎ᠠ ᠶᠢᠨ ᠰᠠᠮᠪᠠᠷ᠎ᠠ ᠶᠢ ᠦᠵᠡᠬᠦ ᠵᠡᠷᠭᠡ ᠬᠡᠯᠪᠡᠷᠢ ᠪᠠᠷ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠨᠠᠷᠢᠨ ᠣᠶᠢᠯᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠦᠵᠡᠭᠦᠯᠭᠡ ᠶᠢᠨ ᠴᠡᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠣᠭᠤᠷᠢᠨ ᠦᠵᠡᠭᠰᠡᠨ ᠤ ᠳᠠᠷᠠᠭ᠎ᠠ᠂ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠨᠵᠡᠭᠡᠶ ᠣᠶᠢᠯᠠᠭᠠᠵᠤ᠂ ᠬᠤᠷᠢᠨᠭᠡᠷ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠤᠯᠭ᠎ᠠ ᠠᠴᠠ ᠴᠢᠬᠤᠯᠠᠴᠢᠯᠠᠨ ᠦᠵᠡᠵᠦ᠂ ᠰᠡᠳᠬᠢᠴᠡ ᠲᠣᠳᠣᠷᠬᠠᠶ᠂ ᠪᠠᠶᠢᠷᠢ ᠲᠣᠭᠲᠠᠭᠠᠯᠲᠠ ᠰᠢᠨᠵᠢᠯᠡᠬᠦ ᠤᠬᠠᠭᠠᠨᠴᠢ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ᠂ ᠦᠷ᠎ᠡ ᠪᠦᠲᠦᠮᠵᠢ ᠢᠯᠡᠷᠬᠡᠶ ᠪᠠᠶᠢᠨ᠎ᠠ᠃ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠣᠨᠴᠠᠯᠢᠭ ᠲᠣᠪᠤᠶᠢᠮ᠎ᠠ᠂ ᠦᠷ᠎ᠡ ᠪᠦᠲᠦᠮᠵᠢ ᠢᠯᠡᠷᠬᠡᠶ᠂ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠳᠡᠭᠡᠳᠦ ᠱᠠᠲᠤᠨ ᠤ ᠡᠭᠦᠳᠦᠨ ᠪᠠᠶᠢᠭᠤᠯᠬᠤ ᠠᠵᠢᠯᠯᠠᠭ᠎ᠠ ᠶᠢᠨ ︽ᠨᠠᠢᠮᠠ ᠳᠤ ᠣᠷᠣᠭᠤᠯᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠠᠰᠢᠭᠯᠠᠨ ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠬᠠᠮᠲᠤᠳᠬᠠᠵᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠡᠷᠢᠯᠬᠢᠯᠡᠵᠦ᠂ ᠦᠨᠳᠦᠰᠦᠲᠡᠨ ᠤ ᠭᠠᠵᠠᠷ ᠣᠷᠣᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠬᠦ ᠠᠷᠭ᠎ᠠ ᠬᠢᠳᠡᠯ ᠤᠨ ᠲᠤᠷᠰᠢᠯᠭ᠎ᠠ ᠶᠢ ᠰᠤᠷᠤᠯᠴᠠᠨ ᠲᠣᠯᠢᠯᠠᠭᠤᠰᠢᠲᠠᠶ ᠶᠤᠮ ᠭᠡᠵᠦ ᠦᠵᠡᠪᠡ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠶᠢᠰᠢᠳᠠ ᠶᠢᠨ ᠠᠵᠢᠯ ᠤᠨ ᠳᠤᠮᠳᠠ ᠪᠠᠨ ᠡᠯ᠎ᠡ ᠨᠢᠭᠡᠴᠡ ᠲᠠᠢ ᠰᠣᠯᠢᠯᠴᠠᠭ᠎ᠠ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ ᠲᠠᠯ᠎ᠠ ᠶᠢ ᠨᠢ ᠠᠪᠴᠤ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ᠂ ᠬᠠᠷᠢᠯᠴᠠᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠷᠡᠭᠦᠯ ᠪᠥᠭᠡᠳ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ