ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2022/7/27
7.27和林格尔县农村人居环境整治提升工作培训班召开.jpg
      7 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠪ ᠬᠠᠮᠲᠤᠷᠠᠨ ᠪᠦᠬᠦ ᠰᠢᠶᠠᠨ ᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠠᠩᠭᠢᠯᠠᠭ᠎ᠠ ᠶᠢᠨ ᠺᠠᠳ᠋ᠷ ᠵᠢᠴᠢ ᠡᠯ᠎ᠡ ᠰᠢᠶᠠᠩ ᠪᠠᠯᠭᠠᠰᠤ ︵ᠪᠡᠯᠡᠳᠬᠡᠯ ᠳᠤᠭᠤᠶᠢᠯᠠᠩ︶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠣᠷᠣᠯᠴᠠᠵᠠᠶ᠃      ᠪᠣᠯᠪᠠᠰᠤᠷᠠᠭᠤᠯᠤᠯ ᠤᠨ ᠬᠤᠷᠠᠯ ᠨᠢ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠰᠢᠰᠲ᠋ᠧᠮ ᠵᠡᠷᠭᠡ ᠲᠠᠯ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠪᠣᠯᠪᠠᠰᠤᠷᠠᠭᠤᠯᠤᠯ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠲᠤᠬᠠᠶ ᠲᠣᠬᠢᠷᠠᠭᠤᠯᠤᠯᠲᠠ ᠬᠢᠭᠰᠡᠨ ᠪᠠᠶᠢᠨ᠎ᠠ᠃     ᠬᠤᠷᠠᠯ ᠠᠴᠠ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ᠂ ᠠᠷᠠᠳ ᠤᠨ ᠰᠡᠳᠬᠢᠯ ᠤᠨ ᠢᠨᠵᠧᠨᠧᠷᠢᠩ᠂ ᠲᠤᠰᠠᠲᠤ ᠵᠠᠰᠠᠭ ᠤᠨ ᠢᠨᠵᠧᠨᠧᠷᠢᠩ ᠪᠣᠯᠤᠨ᠎ᠠ ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠵᠦᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ