ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠨᠠᠰᠤᠵᠢᠯ ᠤᠨ ᠮᠡᠬᠡᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/27
      ᠨᠠᠰᠤᠵᠢᠯ ᠤᠨ ᠮᠡᠬᠡᠯᠡᠯ ᠢ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠰᠤᠲᠠᠶᠢᠴᠤᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠶᠢᠨ ᠲᠤᠰᠠᠳᠠ᠂ 7 ᠰᠠᠷ᠎ᠠ ᠶᠢᠨ 25 ᠤ ᠡᠳᠦᠷ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠡᠭᠡ ᠤᠯᠠᠭᠠᠨᠬᠤᠲᠠ ᠰᠢᠶᠠᠩ ᠤᠨ ᠹᠠᠨ ᠵᠢᠶᠠ ᠠᠷᠪᠠᠨ ᠲᠠᠪᠤᠳᠤᠭᠠᠷ ᠲᠣᠰᠬᠤᠨ ᠳᠤ ᠭᠦᠨᠵᠡᠭᠡᠶᠢᠷᠡᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ᠂ ᠲᠤᠬᠠᠶ ᠶᠢᠨ ᠲᠠᠯᠠᠪᠠᠶ ᠶᠢᠨ ᠬᠠᠤᠯᠢ ᠬᠡᠷᠡᠭᠵᠢᠭᠦᠯᠬᠦ ᠠᠵᠢᠯᠲᠠᠳ ᠤᠷᠠᠯᠢᠭ ᠤᠨ ᠪᠦᠲᠦᠭᠡᠯ ᠤᠨ ᠮᠡᠬᠡᠯᠡᠯ ᠢ ᠰᠡᠷᠭᠡᠶᠢᠯᠡᠬᠦ᠂ ᠵᠦᠶ ᠵᠣᠬᠢᠰ ᠦᠭᠡᠶ ᠬᠢᠮᠳᠠ ᠦᠨ᠎ᠡ ᠶᠢᠨ ᠵᠢᠭᠤᠯᠴᠢᠯᠠᠯ ᠢ ᠰᠡᠷᠡᠮᠵᠢᠯᠡᠬᠦ ᠪᠠᠷ ᠭᠤᠣᠯ ᠰᠡᠳᠦᠪ ᠪᠣᠯᠭᠠᠵᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠨᠠᠰᠤᠲᠠᠶᠢᠴᠤᠳ ᠲᠤ ︽ᠤᠷᠤᠯᠳᠤᠭᠠᠨ ᠤ ᠱᠠᠩᠨᠠᠯ︾ ᠭᠡᠬᠦ ᠨᠡᠷ᠎ᠡ ᠪᠠᠷ ᠵᠢᠭᠤᠯᠴᠢᠯᠠᠯ ᠬᠦᠷᠭᠡᠬᠦ᠂ ︽ᠵᠠᠰᠠᠭ ᠤᠨ ᠣᠷᠳᠣᠨ ᠤ ᠨᠥᠬᠦᠪᠥᠷᠢ︾ ᠭᠡᠬᠦ ᠨᠡᠷ᠎ᠡ ᠪᠠᠷ ᠵᠣᠬᠢᠶᠠᠨ ᠪᠠᠶᠢᠭᠤᠯᠤᠭᠰᠠᠨ ᠳᠣᠤᠷ᠎ᠠ ᠦᠨ᠎ᠡ ᠶᠢᠨ ᠵᠢᠭᠤᠯᠴᠢᠯᠠᠯ᠂ ᠵᠡᠭᠡᠯᠢ ᠭᠤᠳᠤᠮᠵᠢ ᠪᠠᠷ ᠵᠣᠴᠢᠨ ᠲᠠᠲᠠᠵᠤ ᠳᠣᠤᠷ᠎ᠠ ᠦᠨ᠎ᠡ ᠶᠢᠨ ᠵᠢᠭᠤᠯᠴᠢᠯᠠᠯ ᠵᠢᠴᠢ ᠤᠷᠠᠯᠢᠭ ᠤᠨ ᠪᠦᠲᠦᠭᠡᠯ ᠤᠨ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠩᠬᠠᠷᠤᠨ ᠰᠡᠷᠭᠡᠶᠢᠯᠡᠵᠦ᠂ ᠨᠠᠰᠤᠲᠠᠶᠢᠴᠤᠳ ᠲᠤ ᠥᠴᠦᠬᠡᠨ ᠠᠰᠢᠭ ᠲᠤ ᠰᠢᠨᠤᠵᠤ ᠪᠣᠯᠬᠤ ᠥᠬᠡᠶ᠂ ᠰᠡᠵᠢᠭᠯᠡᠯᠲᠡᠶ ᠦᠵᠡᠭᠳᠡᠯ ᠲᠣᠬᠢᠶᠠᠯᠳᠤᠪᠠᠯ ᠴᠠᠭ ᠲᠤᠬᠠᠶ ᠳᠤᠨᠢ ᠦᠷ᠎ᠡ ᠬᠡᠤᠬᠡᠳ ᠲᠠᠢ ᠪᠠᠨ ᠨᠡᠪᠲᠡᠷᠡᠯᠴᠡᠬᠦ ᠪᠤᠶᠤ ᠴᠠᠭᠳᠠᠭᠠᠨ ᠳᠤ ᠮᠡᠳᠡᠭᠦᠯᠬᠦ ᠤᠲᠠᠰᠤ ᠠᠪᠴᠤ᠂ ᠡᠳ᠋ ᠬᠥᠷᠥᠩᠭᠡ ᠶᠢᠨ ᠬᠤᠬᠢᠷᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ ᠭᠡᠵᠦ  ᠰᠠᠨᠠᠭᠤᠯᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠪᠠ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠲᠠᠷᠠᠭᠠᠴᠢ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠤᠷᠤᠭᠰᠢᠲᠠᠶ ᠥᠷᠨᠢᠭᠦᠯᠬᠦ ᠳᠤ ᠨᠥᠬᠦᠴᠡᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠤᠯᠴᠢᠯᠠᠯ ᠤᠨ ᠮᠡᠬᠡᠯᠡᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠥᠷᠭᠡᠨ ᠣᠯᠠᠨ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠬᠤ ᠬᠡᠷᠡᠭᠲᠡᠢ ᠭᠡᠵᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ