ᠬᠤᠷᠢᠨᠭᠡᠷ ᠰᠢᠶᠠᠨ ᠭᠤᠷᠪᠠᠳᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠢᠪᠡ
ᠨᠡᠶᠢᠲᠡᠯᠡᠭᠰᠡᠨ ᠴᠠᠭ᠄
2022/7/28
7.28和林格尔县召开第三次信访工作联席会.jpg
      7 ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠤ ᠭᠤᠷᠪᠠᠳᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠰᠢᠶᠠᠨ ᠤ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠪᠠᠶᠢᠳᠠᠯ ᠢ ᠮᠡᠳᠡᠭᠳᠡᠵᠦ᠂ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠮᠳᠠᠭᠤᠯᠤᠭᠰᠠᠨ ᠪᠠᠶᠢᠳᠠᠯ ᠢ ᠰᠣᠨᠣᠰᠴᠤ᠂ ᠪᠦᠬᠦ ᠬᠤᠳᠠ ᠶᠢᠨ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠢᠷᠠᠭᠤᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠤᠬᠠᠮᠰᠠᠷ ᠠᠴᠠ ᠪᠠᠨ ᠰᠠᠶᠢᠲᠤᠷ ᠬᠢᠬᠦ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠭᠤᠣᠯᠳᠠᠯᠭ᠎ᠠ ᠲᠠᠢ ᠠᠵᠢᠯ ᠢ ᠲᠤᠪᠤᠶᠢᠯᠭᠠᠵᠦ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠲᠦᠷᠦᠯ ᠵᠦᠢᠯ ᠬᠤᠪᠢᠶᠠᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠦᠢᠯᠡᠰ ᠢ ᠨᠠᠮᠳᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠦᠴᠦᠨ ᠪᠣᠯᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠬᠠᠷᠢᠭᠤᠴᠠᠯᠭ᠎ᠠ ᠪᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠸᠠᠩ ᠪᠦᠦ ᠫᠢᠩ᠂ ᠨᠠᠷᠠᠰᠤ᠂ ᠹᠠᠨ ᠬᠤᠤ ᠪᠥᠸᠧ᠂ ᠯᠢ ᠯᠢ᠂ ᠪᠠᠢ ᠬᠤᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ