︽ᠬᠥᠬᠡᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/28
      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠰᠢᠨᠵᠢᠯᠡᠬᠦ ᠤᠬᠠᠭᠠᠨ ᠤ ᠬᠡᠪ ᠴᠢᠨᠠᠷ ᠪᠣᠯ ᠠᠷᠠᠳ ᠢᠷᠭᠡᠳ ᠤᠨ ᠬᠡᠪ ᠴᠢᠨᠠᠷ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠭᠡᠮ ᠤᠨ ᠪᠣᠯᠪᠠᠰᠤᠨ ᠲᠠᠪᠰᠢᠯᠳᠠ ᠶᠢᠨ ᠰᠠᠭᠤᠷᠢ ᠮᠥᠨ᠃ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ︵2021 ︱ 2035 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2021﹈ 9 ᠳ᠋ᠤᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠯᠪᠤᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠭᠤᠣᠯ ᠠᠷᠭ᠎ᠠ ᠬᠡᠮᠵᠢᠶ᠎ᠡ ᠶᠢ ᠠᠭᠤᠰᠤᠯᠴᠠᠭᠤᠯᠤᠨ᠂ ︽ᠬᠡᠷᠡᠭᠵᠢᠭᠦᠯᠬᠦ ᠲᠥᠰᠥᠯ︾ ᠢ ᠨᠤᠤᠷᠠᠭᠯᠠᠨ ᠪᠣᠢ ᠪᠣᠯᠭᠠᠭᠰᠠᠨ ᠪᠥᠭᠡᠳ 31 ᠬᠠᠷᠢᠭᠤᠴᠠᠯᠭᠠᠲᠤ ᠨᠢᠭᠡᠴᠡ᠂ 9 ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ 15 ᠬᠤᠲᠠ ᠶᠢᠨ ᠬᠠᠷᠢᠶ᠎ᠠ ᠨᠡᠶᠢᠭᠡᠮᠯᠢᠭ ᠠᠴᠠ ᠰᠠᠨᠠᠯ ᠬᠤᠷᠢᠶᠠᠵᠤ᠂ ᠨᠡᠶᠢᠲᠡ 11 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠭᠥᠯᠢᠶᠡᠨ ᠠᠪᠤᠭᠰᠠᠨ ᠤ ᠳᠠᠷᠠᠭ᠎ᠠ  ᠬᠠᠮᠤᠭ ᠤᠨ ᠡᠴᠦᠰ ᠲᠤ ︽ᠬᠥᠬᠡᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠪᠣᠶ ᠪᠣᠯᠭᠠᠪᠠ᠃      ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠲᠥᠰᠥᠯ︾ ᠢ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠷᠪᠠᠨ ᠬᠡᠰᠡᠭ ᠬᠤᠪᠢᠶᠠᠨ᠎ᠠ᠃      ︽ᠬᠡᠷᠡᠭᠵᠢᠭᠦᠯᠬᠦ ᠲᠥᠰᠥᠯ︾ ᠤᠨ ᠶᠡᠷᠦᠩᠬᠡᠢ ᠱᠠᠭᠠᠷᠳᠠᠯᠭ᠎ᠠ ᠶᠢᠨ ᠨᠢᠭᠡᠳᠦᠭᠡᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ ᠶᠢ ᠳᠤᠷᠠᠳᠤᠨ ᠭᠠᠷᠭᠠᠵᠠᠢ᠃2025 ᠣᠨ ᠪᠣᠯᠬᠤ ᠳᠤ᠂ ᠪᠥᠬᠦ ᠬᠤᠲᠠ ᠶᠢᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠲᠠᠢ ᠪᠣᠯᠤᠭᠰᠠᠨ ᠬᠠᠷᠢᠴᠠᠯ 15% ᠶᠢ ᠳᠠᠪᠠᠨ᠎ᠠ᠃      ︽ᠬᠡᠷᠡᠭᠵᠢᠭᠦᠯᠬᠦ ᠲᠥᠰᠥᠯ︾ ᠤᠨ ᠬᠤᠶᠠᠳᠤᠭᠠᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠭᠤᠣᠯᠳᠠᠭᠤ ᠵᠠᠯᠠᠭᠤᠴᠤᠳ ᠪᠠᠭᠠᠴᠤᠳ᠂ ᠲᠠᠷᠢᠶᠠᠴᠢᠨ᠂ ᠠᠵᠤ ᠦᠢᠯᠡᠰ ᠤᠨ ᠠᠵᠢᠯᠴᠢᠨ᠂ ᠨᠠᠰᠤᠲᠠᠶᠢᠴᠤᠳ᠂ ᠤᠳᠤᠷᠢᠳᠬᠤ ᠺᠠᠳ᠋ᠷ ᠪᠠ ᠠᠯᠪᠠᠲᠠᠨ ᠵᠡᠷᠭᠡ ᠲᠠᠪᠤᠨ ᠲᠥᠷᠥᠯ ᠤᠨ ᠬᠥᠮᠥᠰ ᠤᠨ ᠲᠣᠭᠤᠷᠢᠨ ᠳᠤ ︽ᠲᠠᠪᠤᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠥᠷᠨᠢᠭᠦᠯᠦᠨ᠎ᠡ ᠭᠡᠵᠦ ᠳᠤᠷᠠᠳᠤᠨ ᠭᠠᠷᠭᠠᠪᠠ᠂ ᠰᠠᠭᠤᠷᠢ ᠰᠤᠷᠭᠠᠨ ᠬᠥᠮᠦᠵᠢᠯ ᠤᠨ ᠱᠠᠲᠤᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠠᠭᠤᠷᠢ ᠶᠢ ᠪᠠᠲᠤᠳᠬᠠᠵᠤ᠂ ᠤᠳᠤ ᠦᠶ᠎ᠡ ᠶᠢᠨ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠳᠡᠭᠡᠳᠦ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠦᠮᠦᠵᠢᠬᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠳᠠᠶᠢᠴᠤᠳ ᠲᠤᠭᠠᠴᠢᠯᠠᠯᠠᠲᠠ ᠶᠢ ᠳᠠᠭᠠᠵᠤ ᠭᠦᠢᠴᠡᠬᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠳᠤᠮᠳᠠᠬᠢ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠭᠤᠯᠭ᠎ᠠ ᠶᠢ ᠨᠡᠮᠡᠭᠳᠡᠭᠦᠯᠬᠦ ᠵᠡᠷᠭᠡ ᠪᠣᠳᠠᠲᠠᠢ ᠡᠭᠦᠷᠭᠡ ᠶᠢ ᠲᠣᠳᠤᠷᠬᠠᠶᠢᠯᠠᠪᠠ᠃      ︽ᠬᠡᠷᠡᠭᠵᠢᠭᠦᠯᠬᠦ ᠲᠥᠰᠥᠯ︾ ᠤᠨ ᠬᠤᠶᠠᠳᠤᠭᠠᠷ ᠬᠡᠰᠡᠭ ᠲᠤ ᠪᠠᠰᠠ ᠰᠢᠨᠵᠢᠯᠡᠬᠦ ᠤᠬᠠᠭᠠᠨ ᠰᠣᠶᠣᠯ ᠤᠨ ᠴᠡᠴᠡᠭᠯᠡᠯᠲᠡ ᠶᠢ ᠬᠥᠲᠥᠯᠥᠨ ᠳᠠᠭᠠᠭᠤᠯᠬᠤ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ ᠶᠢ ᠴᠢᠩᠭᠠᠳᠬᠠᠬᠤ ᠢᠨᠵᠧᠨᠧᠷᠢᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ   ᠲᠣᠭᠠᠴᠢᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠢᠨᠵᠧᠨᠧᠷᠢᠩ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ︽ᠲᠠᠪᠤᠨ ᠶᠡᠭᠡ ᠢᠨᠵᠧᠨᠧᠷᠢᠩ︾ ᠢ ᠳᠤᠷᠠᠳᠤᠨ ᠭᠠᠷᠭᠠᠪᠠ᠃ ᠣᠷᠣᠨ ᠤ ᠲᠥᠪ ᠤᠨ ᠣᠨᠴᠠᠯᠢᠭᠲᠤ ᠰᠢᠨᠵᠢᠯᠡᠬᠦ ᠤᠬᠠᠭᠠᠨ ᠰᠣᠶᠣᠯ ᠤᠨ ᠰᠢᠰᠲ᠋ᠧᠮᠵᠢ ᠶᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ᠂ ᠣᠲᠣ ᠦᠶ᠎ᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠯᠠᠪᠠᠶ ᠣᠷᠳᠣᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠣᠨᠴᠠᠯᠢᠭᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ ᠲᠣᠭᠠᠴᠢᠯᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠪᠴᠠᠩ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃      ︽ᠬᠡᠷᠡᠭᠵᠢᠭᠦᠯᠬᠦ ᠲᠥᠰᠥᠯ︾ ᠤᠨ ᠭᠤᠷᠪᠠᠳᠤᠭᠠᠷ ᠬᠡᠰᠡᠭ ᠲᠤ ᠬᠡᠷᠡᠭᠵᠢᠭᠦᠯᠬᠦ ᠲᠥᠰᠥᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠣᠭᠲᠠᠴᠠ ᠶᠢ ᠲᠡᠭᠦᠯᠳᠡᠷᠵᠢᠭᠦᠯᠬᠦ᠂ ᠪᠠᠲᠤᠯᠠᠭ᠎ᠠ ᠶᠢᠨ ᠨᠥᠬᠦᠴᠡᠯ ᠢ ᠲᠣᠳᠣᠷᠬᠠᠶᠢᠯᠠᠪᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠣᠰ ᠱᠠᠲᠤᠨ ᠤ ᠪᠠᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠡᠭᠦᠷᠭᠡ ᠶᠢ ᠬᠤᠯᠪᠤᠭᠳᠠᠯ ᠪᠦᠬᠦᠢ ᠲᠥᠯᠦᠪᠵᠢᠭᠦᠯᠭᠡ᠂ ᠲᠥᠯᠥᠪᠯᠡᠭᠡ ᠪᠠ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢ ᠤᠳᠤᠷᠢᠳᠬᠤ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠬᠢᠭᠦᠯᠦᠨ ᠱᠠᠩᠨᠠᠬᠤ ᠲᠣᠭᠲᠠᠴᠠ ᠶᠢ ᠲᠡᠭᠦᠯᠳᠡᠷᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮᠵᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠴᠢᠳᠠᠪᠤᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶᠢᠲᠡ ᠪᠠ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃ ᠭᠤᠷᠪᠠ ᠳᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠰ ᠤᠨ ᠤᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃      ᠭᠤᠷᠪᠠ᠂ ᠪᠤᠰᠤᠳ ᠵᠦᠢᠯ      ︽ᠬᠡᠷᠡᠭᠵᠢᠭᠦᠯᠬᠦ ᠲᠥᠰᠥᠯ︾ ᠤᠨ ᠰᠢᠨᠵᠢᠯᠡᠬᠦ ᠤᠬᠠᠭᠠᠨᠴᠢ ᠴᠢᠨᠠᠷ ᠪᠠ ᠵᠦᠢ ᠵᠣᠬᠢᠰᠲᠠᠢ ᠴᠢᠨᠠᠷ ᠢ ᠪᠠᠲᠤᠯᠠᠬᠤ ᠶᠢᠨ ᠲᠥᠯᠥᠭᠡ᠂ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠣᠷᠣᠨ ᠤ ᠲᠥᠪ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠦᠬᠡᠬᠤᠲᠠ  ᠥᠨᠢᠷ ᠪᠠᠶᠠᠯᠢᠭ᠂ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠬᠠᠷᠠᠯᠲᠠ  ᠪᠣᠯᠭᠠᠬᠤ ᠶᠢ ᠪᠠᠷᠢᠮᠳᠠᠯᠠᠵᠤ᠂ ᠪᠣᠳᠠᠲᠠᠢ ᠲᠠᠢ ᠪᠠᠨ ᠤᠶᠠᠯᠳᠤᠭᠤᠯᠵᠤ᠂ ᠪᠦᠬᠦ ᠬᠤᠳᠠ ᠶᠢᠨ ᠠᠵᠢᠯ ᠤᠨ ᠬᠠᠷᠠᠯᠲᠠ ᠪᠣᠯᠣᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠪᠠᠶᠠᠷ᠂ ᠬᠠᠷᠢᠯᠴᠠᠬᠤ ᠤᠲᠠᠰᠤ᠄ 6621279 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ