ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/7/29
                ᠬᠥᠬᠡᠬᠤᠲᠠ ᠵᠠᠰᠠᠭ ᠠᠯᠪᠠᠨ ᠥᠰᠥᠭ ﹇2022﹈ 45 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                     ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     2022 ᠣᠨ ᠤ 5 ᠳ᠋ᠤᠭᠠᠷ ᠰᠠᠷ᠎ᠠ ᠶᠢᠨ 20 ᠤ ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠳᠠᠭᠠᠯᠳᠤᠭᠤᠯᠤᠯ᠄ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ   ᠳᠠᠭᠠᠯᠳᠤᠭᠤᠯᠤᠯ᠄          ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ          ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ          ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ  ᠪᠠ  ᠵᠠᠷᠤᠯᠭ᠎ᠠ  ᠶᠢᠨ ᠬᠠᠷᠢᠭᠤᠴᠠᠯᠭ᠎ᠠ  ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 54 ᠳ᠋ᠦ᠋ᠭᠡᠷ ᠲᠣᠭᠠᠲᠤ︶ ᠪᠠ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠬᠥᠬᠡᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ  ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2020﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ  ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠪᠣᠷᠣ ᠲᠥᠯᠥᠪ ᠳᠣᠣᠷ᠎ᠠ᠂ ᠬᠤᠲᠠ ᠶᠢᠨ ᠲᠤᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠬᠤᠶᠠᠷ ᠤᠨ ᠢᠳᠡᠪᠬᠢᠵᠢᠯ ᠢ ᠭᠦᠢᠴᠡᠳ ᠪᠠᠳᠠᠷᠠᠭᠤᠯᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠠ ᠡᠳ᠋ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ ᠪᠣᠶ ᠪᠣᠯᠭᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠯᠲᠠ᠂ ᠲᠡᠩᠴᠡᠭᠦᠷᠢᠰᠢᠯᠲᠡ ᠶᠢ ᠠᠬᠢᠭᠤᠯᠤᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠦᠨᠳᠦᠰᠦᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯ᠎ᠠ ᠪᠠᠷ      1.ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠦᠨ᠎ᠡ ᠪᠠᠷ ᠨᠡᠭᠡᠭᠡᠨ᠎ᠡ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠦᠨ᠎ᠡ ᠪᠠᠷ ᠨᠡᠭᠡᠭᠡᠨ᠂ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠡᠭᠦᠨ ᠳᠤ ᠭᠤᠣᠯᠳᠠᠭᠤ᠄ ᠣᠷᠣᠨ ᠨᠤᠲᠤᠭ ᠤᠨ ᠰᠣᠶᠣᠯ  ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠳᠤ ᠬᠠᠷᠢᠶᠠᠯᠠᠭᠳᠠᠬᠤ ᠮᠦᠽᠧᠢ᠂ ᠳᠤᠷᠠᠰᠬᠠᠯ ᠤᠨ ᠣᠷᠳᠣᠨ᠂ ᠤᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠦᠷᠳᠡᠭᠡ︶ ᠵᠢᠴᠢ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠭᠲᠠᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠬᠡᠷᠡᠭᠵᠢᠭᠦᠯᠦᠨ᠎ᠡ︔ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠦᠨ᠎ᠡ ᠪᠠᠷ ᠨᠡᠭᠡᠭᠡᠬᠦ ᠵᠡᠷᠭᠡ ᠪᠠᠭᠲᠠᠨ᠎ᠠ᠃      ᠳᠡᠭᠡᠷ᠎ᠡ ᠳᠤᠷᠠᠳᠤᠭᠰᠠᠨ ᠮᠦᠽᠧᠢ᠂ ᠳᠤᠷᠠᠰᠬᠠᠯ ᠤᠨ ᠣᠷᠳᠣᠨ ᠵᠢᠴᠢ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ 8᠄ 2 ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠲᠠᠯᠠᠪᠤᠷ ᠣᠷᠳᠣᠨ ᠤ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠠᠳᠠᠯᠢ ᠱᠠᠲᠤᠨ ᠤ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ ᠰᠢᠯᠵᠢᠭᠦᠯᠦᠨ ᠥᠭᠬᠦ ᠪᠠᠷ ᠳᠠᠮᠵᠢᠭᠤᠯᠤᠨ ᠡᠯ᠎ᠡ ᠭᠠᠵᠠᠷ ᠣᠷᠣᠨ ᠳᠤ ᠵᠣᠬᠢᠬᠤ ᠨᠥᠬᠦᠪᠦᠷᠢ ᠣᠯᠭᠤᠨ᠎ᠠ᠃      ᠳᠡᠭᠡᠷ᠎ᠡ ᠳᠤᠷᠠᠳᠤᠭᠰᠠᠨ ᠣᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠦᠨ᠎ᠡ ᠪᠠᠷ ᠨᠡᠭᠡᠭᠡᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ 8᠄ 2 ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ ᠬᠢᠭᠡᠳ ᠮᠠᠨ ᠤ ᠬᠤᠲᠠ ᠨᠢᠭᠡᠳᠦᠭᠡᠷ ᠳᠡᠰ 3᠄ 7᠂ ᠬᠤᠶᠠᠳᠤᠭᠠᠷ ᠳᠡᠰ 5᠄ 5᠂ ᠭᠤᠷᠪᠠᠳᠤᠭᠠᠷ ᠳᠡᠰ 7᠄ 3 ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠬᠤᠲᠠ ᠶᠢᠨ ᠲᠤᠰ ᠱᠠᠲᠤᠨ ᠤ ᠪᠠᠶᠢᠭᠤᠯᠤᠮᠵᠢ ᠳᠤ ᠬᠠᠷᠢᠶᠠᠯᠠᠭᠳᠠᠪᠠᠯ᠂ ᠬᠤᠲᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᡽ᠬᠤᠰᠢᠭᠤ ᠰᠢᠶᠠᠨ ᠲᠣᠭᠤᠷᠢᠭ ᠤᠨ ᠱᠠᠲᠤᠨ ᠳᠤ ᠬᠠᠷᠢᠶᠠᠯᠠᠭᠳᠠᠪᠠᠯ᠂ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠳᠡᠭᠡᠷ᠎ᠡ ᠳᠤᠷᠠᠳᠤᠭᠰᠠᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃      ᠨᠢᠭᠡᠳᠦᠭᠡᠷ ᠳᠡᠰ ᠲᠤ ᠲᠣᠭᠲᠠᠬᠤ ᠰᠢᠶᠠᠨ᠂ ᠰᠠᠶᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ᠂ ᠬᠤᠷᠢᠨᠭᠡᠷ ᠰᠢᠶᠠᠨ ᠵᠡᠷᠭᠡ 4 ᠭᠠᠵᠠᠷ ᠣᠷᠣᠨ ᠪᠠᠭᠲᠠᠨ᠎ᠠ︔ ᠬᠤᠶᠠᠳᠤᠭᠠᠷ ᠳᠡᠰ ᠲᠤ ᠲᠦᠮᠡᠳ ᠵᠡᠭᠦᠨ ᠬᠤᠰᠢᠭᠤ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ ᠵᠡᠷᠭᠡ 3 ᠭᠠᠵᠠᠷ ᠣᠷᠣᠨ ᠪᠠᠭᠲᠠᠨ᠎ᠠ︔ ᠭᠤᠷᠪᠠᠳᠤᠭᠠᠷ ᠳᠡᠰ ᠲᠤ ᠴᠢᠩ ᠱᠦᠢ ᠾᠧ ᠰᠢᠶᠠᠨ ᠪᠠ ᠦᠴᠦᠸᠠᠨ ᠰᠢᠶᠠᠨ 2 ᠭᠠᠵᠠᠷ ᠣᠷᠣᠨ ᠪᠠᠭᠲᠠᠨ᠎ᠠ᠃ ᠡᠯ᠎ᠡ ᠭᠠᠵᠠᠷ ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠪᠠ ᠡᠳ᠋ ᠤᠨ ᠬᠦᠴᠦᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠲᠠᠰ ᠬᠤᠪᠢᠶᠠᠨ ᠡᠭᠦᠷᠭᠡᠯᠡᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠳ᠋ ᠤᠨ ᠵᠠᠰᠠᠭ ᠠᠴᠠ ᠲᠣᠬᠢᠷᠠᠮᠵᠢᠲᠠᠢ ᠴᠠᠭ ᠲᠤᠨᠢ ᠬᠥᠳᠡᠯᠦᠩᠭᠦᠢ ᠪᠠᠷ ᠲᠣᠬᠢᠷᠠᠭᠤᠯᠤᠨ᠎ᠠ᠃      ᠪᠤᠰᠤᠳ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠦᠢᠯᠡᠰ᠃ ᠤᠯᠤᠰ ᠤᠨ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠯᠤᠭᠤᠳᠬᠤ ᠪᠠᠷᠢᠮᠵᠢᠶ᠎ᠠ ᠳᠤ ᠬᠤᠯᠪᠣᠭᠳᠠᠭᠰᠠᠨ ᠨᠣᠮ ᠤᠩᠰᠢᠵᠤ ᠰᠣᠨᠢᠨ ᠦᠵᠡᠬᠦ᠂ ᠷᠠᠳᠢᠣ᠋ ᠨᠡᠪᠲᠡᠷᠡᠭᠦᠯᠭᠡ ᠭᠥᠯᠢᠶᠡᠨ ᠠᠪᠴᠤ ᠰᠣᠨᠣᠰᠬᠤ᠂ ᠲᠧᠯᠸᠢᠰ ᠦᠵᠡᠬᠦ᠂ ᠺᠢᠨᠣ᠋ ᠦᠵᠡᠬᠦ᠂ ᠣᠷᠣᠨ ᠨᠤᠲᠤᠭ ᠤᠨ ᠰᠢ ᠵᠦᠴᠦᠭᠡ ᠬᠦᠷᠭᠡᠬᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠪᠤᠰᠤᠳ ᠵᠦᠢᠯᠡᠰ ᠢ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠠᠴᠠ ᠬᠠᠮᠲᠤᠪᠠᠷ ᠡᠭᠦᠷᠭᠡᠯᠡᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ ᠥᠭᠬᠦ ᠶᠢ ᠭᠠᠷᠭᠠᠪᠠᠯ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠵᠢᠯ ᠤᠨ ᠡᠭᠦᠷᠭᠡ ᠶᠢᠨ ᠬᠡᠮᠵᠢᠶ᠎ᠡ᠂ ᠨᠥᠬᠦᠪᠦᠷᠢ ᠶᠢᠨ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠭᠲᠠᠭᠠᠨ᠎ᠠ᠃      ︵ᠬᠤᠶᠠᠷ︶ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ ᠲᠠᠯ᠎ᠠ ᠪᠠᠷ      ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ ᠲᠠᠯ᠎ᠠ ᠶᠢᠨ ᠬᠠᠮᠢᠶ᠎ᠠ ᠪᠦᠬᠦᠢ ᠵᠦᠢᠯᠡᠰ ᠢ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠱᠠᠲᠤ ᠳᠠᠪᠬᠤᠷᠭ᠎ᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ ᠡᠭᠦᠨ ᠳᠤ ᠭᠤᠣᠯᠳᠠᠭᠤ᠄ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ ᠲᠤᠬᠠᠢ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠶᠤ ᠲᠡᠮᠵᠢᠨ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠠᠵᠢᠯᠯᠠᠭ᠎ᠠ᠂ ᠦᠵᠡᠰᠬᠦᠯᠡᠩ ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠣᠭᠯᠠᠯᠲᠠ ᠵᠡᠷᠭᠡ ᠪᠠᠭᠲᠠᠵᠤ᠂ ᠤᠳᠬ᠎ᠠ ᠵᠣᠬᠢᠶᠠᠯ᠂ ᠲᠠᠶᠢᠰᠠᠨ ᠤ ᠤᠷᠠᠯᠢᠭ᠂ ᠤᠷᠠᠨ ᠵᠢᠷᠤᠭ᠂ ᠷᠠᠳᠢᠣ᠋ ᠲᠧᠯᠸᠢᠰ ᠪᠠ ᠰᠦᠯᠵᠢᠶ᠎ᠡ ᠪᠠᠷ ᠦᠵᠡᠵᠦ ᠰᠣᠨᠣᠰᠬᠤ ᠫᠷᠣᠭ᠍ᠷᠠᠮ᠂ ᠺᠢᠨᠣ᠋᠂ ᠬᠡᠪᠯᠡᠯ ᠵᠡᠷᠭᠡ ᠲᠠᠯ᠎ᠠ ᠳᠤ ᠬᠤᠯᠪᠣᠭᠳᠠᠨ᠎ᠠ᠃       ᠲᠥᠪ ᠠᠴᠠ ᠲᠣᠭᠲᠠᠭᠠᠭᠰᠠᠨ ᠪᠥᠭᠡᠳ ᠲᠥᠪ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ᠣᠷᠣᠨ ᠨᠤᠲᠤᠭ ᠠᠴᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠲᠥᠪ ᠬᠢᠭᠡᠳ ᠣᠷᠣᠨ ᠨᠤᠲᠤᠭ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠡᠭᠦᠷᠭᠡᠯᠡᠨ᠎ᠡ︔ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠠᠴᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠬᠤᠳᠠ ᠶᠢᠨ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠱᠠᠲᠤᠨ ᠠᠴᠠ ᠲᠣᠭᠲᠠᠭᠠᠵᠤ ᠬᠤᠲᠠ ᠶᠢᠨ ᠱᠠᠲᠤ  ᠪᠠ ᠬᠤᠰᠢᠭᠤ ᠰᠢᠶᠠᠨ ᠲᠣᠭᠤᠷᠢᠭ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠭᠤᠷᠪᠠ︶ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ      1.ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ᠃ ᠡᠭᠦᠨ ᠳᠤ ᠭᠤᠣᠯᠳᠠᠭᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠯᠲᠠ᠂ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠡᠷᠲᠡᠨ ᠤ ᠨᠣᠮ ᠪᠢᠴᠢᠭ ᠤᠨ ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠪᠠᠭᠲᠠᠨ᠎ᠠ᠃ ᠲᠦᠷᠦ ᠶᠢᠨ ᠪᠣᠳᠣᠯᠭ᠎ᠠ ᠳᠤ ᠲᠣᠭᠲᠠᠭᠠᠭᠰᠠᠨ ᠱᠠᠲᠤ ᠳᠠᠪᠬᠤᠷᠭ᠎ᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃       ᠤᠯᠤᠰ ᠤᠨ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠰᠠᠨ ᠪᠥᠭᠡᠳ ᠣᠷᠣᠨ ᠨᠤᠲᠤᠭ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ  ᠤᠨ ᠬᠠᠮᠠᠭᠠᠯᠠᠯᠲᠠ ᠶᠢᠨ ᠨᠢᠭᠡᠴᠡ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠡ  ᠳᠤ ᠬᠠᠳᠠᠭᠠᠯᠠᠵᠤ ᠪᠦᠬᠦᠢ ᠬᠤᠪᠣᠷ ᠨᠠᠨᠳᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠶᠢ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠲᠥᠪ ᠬᠢᠭᠡᠳ ᠣᠷᠣᠨ ᠨᠤᠲᠤᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠂ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ ᠥᠭᠬᠦ ᠶᠢ ᠭᠠᠷᠭᠠᠪᠠᠯ᠂ ᠣᠷᠣᠨ ᠨᠤᠲᠤᠭ ᠠᠴᠠ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠬᠤᠳᠠ ᠶᠢᠨ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠱᠠᠲᠤ  ᠪᠠ ᠬᠤᠰᠢᠭᠤ ᠰᠢᠶᠠᠨ ᠲᠣᠭᠤᠷᠢᠭ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤ ᠪᠠ ᠬᠤᠰᠢᠭᠤ ᠰᠢᠶᠠᠨ ᠲᠣᠭᠤᠷᠢᠭ ᠠᠴᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃       ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠡ ᠳᠤ ᠬᠠᠳᠠᠭᠠᠯᠠᠵᠤ ᠪᠦᠬᠦᠢ ᠬᠤᠪᠣᠷ ᠨᠠᠨᠳᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ  ᠤᠨ ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠠᠴᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠠᠴᠠ ᠬᠠᠮᠲᠤᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠡᠷᠡᠭᠰᠡᠬᠦ ᠪᠡᠯᠡ ᠮᠥᠩᠭᠦ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠰᠢᠯᠵᠢᠭᠦᠯᠦᠨ ᠥᠭᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠭᠲᠠᠭᠠᠨ᠎ᠠ︔ ᠬᠤᠳᠠ ᠶᠢᠨ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠰᠤᠳ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠱᠠᠲᠤ ᠪᠠ ᠬᠤᠰᠢᠭᠤ ᠰᠢᠶᠠᠨ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠰᠤᠳ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤ  ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤ ᠪᠠ ᠬᠤᠰᠢᠭᠤ ᠰᠢᠶᠠᠨ ᠲᠣᠭᠤᠷᠢᠭ ᠠᠴᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠰᠤᠳ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ  ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      2.ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠃ ᠡᠭᠦᠨ ᠳᠤ ᠭᠤᠣᠯᠳᠠᠭᠤ᠄ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠰᠤᠷᠭᠠᠬᠤ ᠠᠵᠢᠯᠯᠠᠭ᠎ᠠ᠂ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠭᠲᠠᠨ᠎ᠠ᠃ ᠲᠦᠷᠦ ᠶᠢᠨ ᠪᠣᠳᠣᠯᠭ᠎ᠠ ᠳᠤ ᠲᠣᠭᠲᠠᠭᠠᠭᠰᠠᠨ ᠱᠠᠲᠤ ᠳᠠᠪᠬᠤᠷᠭ᠎ᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃       ᠣᠷᠣᠨ ᠨᠤᠲᠤᠭ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠪᠣᠯ ᠲᠥᠪ  ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠮᠥᠨ᠂ ᠲᠥᠪ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ ᠥᠭᠬᠦ ᠶᠢ ᠭᠠᠷᠭᠠᠪᠠᠯ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ  ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠤᠳᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠬᠢᠭᠡᠳ ᠬᠤᠳᠠ ᠶᠢᠨ ᠱᠠᠲᠤᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠡᠷᠡᠭᠰᠡᠬᠦ ᠪᠡᠯᠡ ᠮᠥᠩᠭᠦ ᠶᠢ ᠬᠤᠳᠠ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠰᠢᠯᠵᠢᠭᠦᠯᠦᠨ ᠥᠭᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠭᠲᠠᠭᠠᠨ᠎ᠠ︔ ᠬᠤᠳᠠ ᠶᠢᠨ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠰᠤᠳ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ  ᠢ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠤᠰᠤᠳ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠳᠥᠷᠪᠡ︶ ᠰᠣᠶᠣᠯ ᠤᠨ ᠰᠣᠯᠢᠯᠴᠠᠭᠠᠨ ᠤ ᠲᠠᠯ᠎ᠠ ᠪᠠᠷ      1. ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ᠃ ᠡᠭᠦᠨ ᠳᠤ ᠭᠤᠣᠯᠳᠠᠭᠤ ᠄ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠬᠡᠯᠡᠯᠴᠡᠭᠡᠷ ᠵᠢᠴᠢ ᠲᠡᠭᠦᠨ ᠢ ᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠲᠣᠭᠯᠠᠯᠲᠠ᠂ ᠦᠵᠡᠰᠬᠦᠯᠡᠩ᠂ ᠬᠤᠷᠠᠯ ᠦᠵᠡᠰᠬᠦᠯᠡᠩ ᠵᠡᠷᠭᠡ ᠭᠠᠳᠠᠭᠠᠳᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠳᠡᠯᠭᠡᠷᠡᠭᠦᠯᠦᠯᠲᠡ ᠦᠢᠯᠡᠳᠦᠯᠴᠡᠯ ᠢ ᠥᠷᠨᠢᠭᠦᠯᠬᠦ ᠪᠠᠭᠲᠠᠵᠤ᠂ ᠤᠳᠬ᠎ᠠ ᠵᠣᠬᠢᠶᠠᠯ᠂ ᠲᠠᠶᠢᠰᠠᠨ ᠤ ᠤᠷᠠᠯᠢᠭ᠂ ᠤᠷᠠᠨ ᠵᠢᠷᠤᠭ᠂ ᠷᠠᠳᠢᠣ᠋ ᠲᠧᠯᠸᠢᠰ ᠪᠠ ᠰᠦᠯᠵᠢᠶ᠎ᠡ ᠪᠠᠷ ᠦᠵᠡᠵᠦ ᠰᠣᠨᠣᠰᠬᠤ ᠫᠷᠣᠭ᠍ᠷᠠᠮ᠂ ᠺᠢᠨᠣ᠋᠂ ᠬᠡᠪᠯᠡᠯ ᠵᠡᠷᠭᠡ ᠲᠠᠯ᠎ᠠ ᠳᠤ ᠬᠤᠯᠪᠣᠭᠳᠠᠨ᠎ᠠ᠃ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃ ᠲᠥᠪ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠣᠷᠣᠨ ᠨᠤᠲᠤᠭ ᠯᠤᠭ᠎ᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠨᠢ ᠲᠥᠪ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠨ᠎ᠠ᠂ ᠲᠥᠪ  ᠬᠢᠭᠡᠳ ᠣᠷᠣᠨ ᠨᠤᠲᠤᠭ ᠨᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠠᠴᠠ ᠬᠠᠮᠲᠤᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠬᠢᠭᠡᠳ ᠬᠤᠲᠠ ᠶᠢᠨ ᠱᠠᠲᠤᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ  ᠠᠴᠠ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ  ᠨᠤᠲᠠᠯᠠᠨ ᠲᠤᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠤᠳᠠ ᠶᠢᠨ ᠳᠡᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ  ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      2. ᠭᠠᠳᠠᠭᠠᠳᠤ ᠳᠠᠬᠢ ᠳᠤᠮᠳᠠᠳᠤ ᠤᠯᠤᠰ ᠤᠨ ᠰᠣᠶᠣᠯ ᠤᠨ ᠲᠥᠪ ᠤᠨ ᠪᠦᠲᠦᠭᠡᠨ ᠪᠠᠶᠢᠭᠤᠯᠤᠯᠲᠠ᠃ ᠡᠭᠦᠨ ᠳᠤ ᠭᠤᠣᠯᠳᠠᠭᠤ ᠲᠥᠯᠦᠪᠵᠢᠭᠦᠯᠭᠡ ᠶᠣᠰᠣᠭᠠᠷ ᠭᠠᠳᠠᠭᠠᠳᠤ ᠳᠠᠬᠢ ᠳᠤᠮᠳᠠᠳᠤ ᠤᠯᠤᠰ ᠤᠨ ᠰᠣᠶᠣᠯ ᠤᠨ ᠲᠥᠪ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠬᠤᠯᠪᠣᠭᠳᠠᠯ ᠪᠦᠬᠦᠢ ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠪᠠᠭᠲᠠᠨ᠎ᠠ᠃ ᠲᠥᠪ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠵᠢᠯᠣᠭᠤᠳᠤᠨ ᠣᠷᠣᠨ ᠨᠤᠲᠤᠭ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠵᠦᠢᠯᠡᠰ  ᠢ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠠᠴᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃      ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ      1. ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ᠃ ᠡᠭᠦᠨ ᠳᠤ ᠭᠤᠣᠯᠳᠠᠭᠤ᠄ ᠤᠯᠤᠰ ᠤᠨ ᠲᠣᠭᠲᠠᠭᠠᠯ ᠶᠣᠰᠣᠭᠠᠷ ᠰᠣᠶᠣᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠳᠤ ᠬᠠᠷᠢᠶᠠᠯᠠᠭᠳᠠᠬᠤ ᠮᠦᠽᠧᠢ᠂ ᠤᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠷᠠᠳᠢᠣ᠋ ᠲᠧᠯᠸᠢᠰ ᠤᠨ ᠫᠷᠣᠭ᠍ᠷᠠᠮ ᠢ ᠦᠢᠯᠡᠳᠴᠦ ᠨᠡᠪᠲᠡᠷᠡᠭᠦᠯᠦᠨ ᠳᠠᠮᠵᠢᠭᠤᠯᠬᠤ ᠪᠠᠶᠢᠭᠤᠯᠤᠮᠵᠢ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠳᠤ ᠦᠭᠭᠦ ᠨᠥᠬᠦᠪᠦᠷᠢ ︵ᠣᠷᠣᠨ ᠨᠤᠲᠤᠭ ᠤᠨ ᠦᠨᠳᠦᠰᠦᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠᠭᠲᠠᠬᠤ ᠦᠭᠡᠢ︶ ᠪᠠᠭᠲᠠᠨ᠎ᠠ᠃ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ᠂ ᠬᠤᠲᠠ ᠶᠢᠨ ᠳᠡᠰ ᠤᠨ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      2. ᠤᠯᠠᠨ ᠨᠡᠶᠢᠲᠡ ᠶᠢᠨ ᠰᠣᠶᠣᠯ ᠤᠨ ᠬᠠᠮᠢᠶᠠᠷᠤᠯᠲᠠ᠃ ᠡᠭᠦᠨ ᠳᠤ ᠭᠤᠣᠯᠳᠠᠭᠤ᠄ ᠡᠯ᠎ᠡ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ᠲᠤᠬᠠᠶᠢᠯᠠᠪᠠᠯ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠵᠦ ᠪᠦᠬᠦᠢ ᠰᠣᠶᠣᠯ ᠤᠨ ᠦᠢᠯᠡᠰ ᠪᠠ ᠰᠣᠶᠣᠯ ᠤᠨ ᠵᠠᠬ᠎ᠠ ᠳᠡᠯᠭᠡᠭᠦᠷ᠂ ᠺᠢᠨᠣ᠋ ᠬᠡᠪᠯᠡᠯ᠂ ᠷᠠᠳᠢᠣ᠋ ᠲᠧᠯᠸᠢᠰ ᠪᠠ ᠰᠦᠯᠵᠢᠶ᠎ᠡ ᠪᠠᠷ ᠦᠵᠡᠵᠦ ᠰᠣᠨᠣᠰᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠵᠢᠴᠢ ᠴᠢᠳᠠᠪᠤᠷᠢᠲᠠᠨ ᠬᠥᠮᠥᠵᠢᠭᠦᠯᠬᠦ᠂ ᠰᠣᠶᠣᠯ ᠤᠨ ᠰᠠᠶᠢᠨ ᠳᠤᠷ᠎ᠠ ᠶᠢᠨ ᠠᠵᠢᠯᠯᠠᠭ᠎ᠠ ᠵᠡᠷᠭᠡ ᠪᠠᠭᠲᠠᠨ᠎ᠠ᠃ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ᠂ ᠬᠤᠲᠠ ᠶᠢᠨ ᠱᠠᠲᠤᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠬᠦ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠬᠦ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠵᠠᠷᠤᠯᠭ᠎ᠠ ᠶᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠣᠯᠳᠠᠭᠤ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠬᠤᠲᠠ ᠶᠢᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠣᠯᠳᠠᠭᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠬᠤᠰᠢᠭᠤ ᠰᠢᠶᠠᠨ ᠲᠣᠭᠤᠷᠢᠭ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠣᠯᠳᠠᠭᠤ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠤᠯᠠᠨ ᠨᠡᠶᠢᠲᠡ ᠶᠢᠨ ᠰᠣᠶᠣᠯ ᠤᠨ ᠬᠦᠷᠢᠶᠡᠨ ᠤ ᠪᠤᠰᠤᠳ ᠦᠯᠦ ᠵᠢᠭᠰᠠᠭᠠᠭᠳᠠᠭᠰᠠᠨ ᠵᠦᠢᠯᠡᠰ ᠲᠤ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠲᠣᠭᠲᠠᠭᠠᠨ᠎ᠠ᠃      ᠬᠤᠶᠠᠷ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠣᠰ ᠲᠥᠰᠥᠯ ᠢ ᠦᠨᠳᠦᠰᠦᠯᠡᠨ᠂ ᠬᠤᠲᠠ ᠶᠢᠨ ᠱᠠᠲᠤᠨ ᠤ ᠡᠳ᠋ ᠤᠨ ᠵᠠᠰᠠᠭ  ᠠᠴᠠ ᠦᠷᠭᠦᠯᠵᠢᠯᠡᠨ ᠬᠤᠯᠪᠣᠭᠳᠠᠯ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠪᠠᠷ ᠬᠤᠰᠢᠭᠤ ᠰᠢᠶᠠᠨ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠤ ᠵᠦᠢᠯᠡᠰ ᠲᠤ ᠳᠡᠮᠵᠢᠯᠭᠡ ᠦᠵᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠲᠣᠰ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠰᠢᠯᠵᠢᠭᠦᠯᠦᠨ ᠥᠭᠭᠦᠭᠰᠡᠨ ᠮᠥᠩᠭᠦ ᠪᠠ ᠥᠪᠡᠷ ᠤᠨ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ  ᠶᠢ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠠᠬᠢᠭᠤᠯᠤᠨ᠂ ᠡᠳ᠋ ᠤᠨ ᠵᠠᠰᠠᠭ ᠤᠨ ᠣᠯᠠᠨ ᠨᠡᠶᠢᠲᠡ ᠶᠢᠨ ᠰᠣᠶᠣᠯ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ ᠯᠦᠭᠡ ᠦᠨᠡᠨᠬᠦ ᠬᠠᠷᠢᠯᠴᠠᠨ ᠵᠣᠬᠢᠴᠠᠭᠤᠯᠬᠤ ᠬᠡᠷᠡᠭᠲᠡᠢ᠃ ᠣᠷᠣᠨ ᠪᠦᠰᠡ ᠶᠢᠨ ᠲᠥᠯᠦᠪᠵᠢᠭᠦᠯᠭᠡ ᠳᠤ ᠨᠡᠶᠢᠴᠡᠬᠦ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠬᠠᠤᠯᠢ ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠷᠭ᠎ᠠ ᠮᠠᠶ᠋ᠢᠭ ᠢᠶᠠᠷ ᠲᠣᠬᠢᠷᠠᠭᠤᠯᠵᠤ ᠪᠣᠯᠣᠨ᠎ᠠ᠃      ︵ᠭᠤᠷᠪᠠ︶ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠤ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢᠨ ᠥᠭᠡᠷᠡᠴᠢᠯᠡᠯᠲᠡ ᠵᠡᠷᠭᠡ ᠶᠢ ᠭᠦᠨᠵᠡᠭᠡᠶᠢᠷᠡᠭᠦᠯᠬᠦ ᠲᠠᠢ ᠨᠢᠭᠲᠠ ᠤᠶᠠᠯᠳᠤᠭᠤᠯᠵᠤ᠂ ᠡᠭᠦᠨ ᠤ ᠬᠠᠮᠲᠤ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠵᠡᠷᠭᠡ ᠪᠠᠶᠢᠳᠠᠯ ᠢ ᠦᠨᠳᠦᠰᠦᠯᠡᠨ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠢ ᠲᠣᠬᠢᠷᠠᠮᠵᠢᠲᠠᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠂ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠨᠢ ᠬᠠᠮᠵᠢᠯᠴᠠᠨ ᠠᠬᠢᠭᠤᠯᠬᠤ ᠶᠢ ᠦᠨᠡᠨᠬᠦ ᠪᠠᠲᠤᠯᠠᠨ᠎ᠠ᠃      ︵ᠳᠥᠷᠪᠡ︶ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠦᠢᠯᠡᠴᠢᠯᠡᠭᠡᠨ ᠤ ᠣᠨᠴᠠᠯᠢᠭ  ᠲᠠᠢ ᠨᠢᠭᠲᠠ ᠤᠶᠠᠯᠳᠤᠭᠤᠯᠤᠨ᠂ ᠠᠮᠵᠢᠯᠲᠠ ᠪᠦᠲᠦᠮᠵᠢ  ᠶᠢᠨ ᠬᠠᠷᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠬᠢᠨᠠᠨ ᠡᠵᠡᠮᠳᠡᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ᠂ ᠬᠡᠷᠡᠭᠯᠡᠯᠲᠡ ᠶᠢᠨ ᠦᠷ᠎ᠡ ᠠᠰᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      ︵ᠲᠠᠪᠤ︶ ᠳᠦᠷᠢᠮ ᠢ ᠱᠠᠯᠠᠪᠳᠠᠨ ᠵᠠᠰᠠᠵᠤ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ ᠳᠡᠭᠡᠷ᠎ᠡ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠬᠡᠷᠡᠭᠲᠡᠢ᠃      ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ