ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠵᠢᠯᠣᠭᠤᠳᠬᠤ ᠰᠠᠨᠠᠯ ᠢ ᠤᠯᠠᠮᠵᠢᠯᠠᠨ ᠲᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2022/7/29
           ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 24 ᠳ᠋ᠤᠭᠡᠷ ᠲᠤᠭᠠᠲᠤ                       2022 ᠣᠨ ᠤ 5 ᠰᠠᠷ᠎ᠠ ᠶᠢᠨ 11 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠥᠬᠦᠶ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ                         ᠪᠥᠬᠦ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠵᠦ᠂ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢ ᠬᠦᠴᠦᠷᠬᠡᠭᠵᠢᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠳᠥᠭᠦᠮ ᠳᠥᠲᠡ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠢ ᠪᠠᠶᠢᠭᠤᠯᠬᠤ ᠶᠢᠨ ᠲᠤᠰᠠᠲᠠ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠣᠣᠷᠠᠬᠢ ᠮᠡᠲᠦ ᠰᠠᠨᠠᠯ ᠳᠤᠷᠠᠳᠤᠶ᠎ᠠ᠃      ᠨᠢᠭᠡ᠂ ᠠᠵᠢᠯ ᠤᠨ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠳᠥᠷᠪᠡᠨ ᠬᠠᠮᠤᠭ ᠤᠨ ᠴᠢᠩᠭ᠎ᠠ︾ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠᠷ ᠦᠨᠳᠦᠰᠦᠯᠡᠯ ᠪᠣᠯᠭᠠᠵᠤ᠂ ᠬᠤᠲᠠ᠂ ᠰᠢᠶᠠᠨ ︵ᠬᠤᠰᠢᠭᠤ᠂ ᠲᠣᠭᠤᠷᠢᠭ︶ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠶᠠᠪᠤᠳᠠᠯ ᠤᠨ ᠡᠷᠬᠡ ᠪᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠲᠠᠰ ᠳᠠᠪᠬᠤᠷᠭ᠎ᠠ ᠲᠣᠳᠣᠷᠬᠠᠶ᠂ ᠬᠠᠷᠢᠯᠴᠠᠨ ᠠᠬᠢᠭᠤᠯᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃      ᠬᠤᠶᠠᠷ᠂ ᠠᠵᠢᠯ ᠤᠨ ᠡᠭᠦᠷᠭᠡ      ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢ ᠰᠢᠯᠤᠭᠤᠳᠬᠠᠵᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠦᠨ᠂ ᠬᠠᠤᠯᠢ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠶᠠᠪᠤᠳᠠᠯ ᠤᠨ ᠡᠷᠬᠡ ᠲᠤᠰᠢᠶᠠᠯ ᠢ ᠬᠤᠪᠢᠶᠠᠷᠢᠯᠠᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠬ᠎ᠠ ᠶᠢᠨ ᠬᠢᠨᠠᠨ ᠪᠠᠶᠢᠴᠠᠭᠠᠬᠤ ᠬᠠᠤᠯᠢ ᠦᠰᠦᠭ ﹇2020﹈ 57 ᠳ᠋ᠤᠭᠠᠷ ᠲᠣᠭᠠᠲᠤ︶᠂ ᠬᠤᠲᠠ ᠰᠢᠶᠠᠨ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠭᠤᠷᠪᠠ ᠶᠢ ᠲᠣᠭᠲᠠᠭᠠᠬᠤ︾ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠭᠤᠤᠯᠳᠠᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠡᠷᠬᠡ ᠲᠤᠰᠢᠶᠠᠯ ᠤᠨ ᠢᠶᠠᠨ ᠶᠣᠰᠣᠭᠠᠷ ᠲᠣᠰ ᠬᠠᠷᠢᠶ᠎ᠠ ᠣᠷᠣᠨ ᠳᠤ ᠡᠭᠦᠰᠦᠭᠰᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠢ ᠬᠠᠮᠢᠶᠠᠷᠴᠤ᠂ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠵᠢᠷᠤᠮᠵᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠲᠣᠮᠣ ᠬᠡᠷᠡᠭ ᠢ ᠭᠤᠤᠯᠴᠢᠯᠠᠨ ᠰᠢᠢᠳᠪᠦᠷᠢᠯᠡᠵᠦ᠂ ᠲᠤᠰᠬᠠᠶ ᠵᠦᠢᠯ ᠢ ᠠᠳᠬᠤᠨ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠬᠡᠷᠡᠭ ᠢ ᠠᠳᠬᠤᠨ᠎ᠠ᠃ ᠭᠤᠣᠯᠳᠠᠭᠤ ᠳᠣᠣᠷᠠᠬᠢ ᠬᠡᠷᠡᠭ ᠢ ᠬᠠᠮᠢᠶᠠᠷᠤᠨ᠎ᠠ᠄ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠷᠬᠡᠪᠰᠢ ᠬᠤᠳᠠ ᠶᠢᠨ ᠲᠤᠰ ᠱᠠᠲᠤᠨ ᠠᠴᠠ  ᠰᠢᠢᠳᠪᠦᠷᠢᠯᠡᠬᠦ ᠬᠡᠷᠡᠭᠲᠡᠶ ᠬᠡᠷᠡᠭ︔ ᠬᠤᠲᠠ ᠶᠢᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ᠬᠠᠷᠢᠶ᠎ᠠ ᠭᠠᠵᠠᠷ ᠪᠤᠶᠤ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ︔ ᠬᠤᠲᠠ ᠶᠢᠨ ᠱᠠᠲᠤᠨ ᠤ ᠪᠤᠰᠤᠳ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠰᠢᠯᠵᠢᠭᠦᠯᠵᠦ ᠢᠷᠡᠭᠰᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠶᠢᠴᠠᠭᠠᠨ ᠰᠢᠢᠳᠪᠦᠷᠢᠯᠡᠬᠦ ᠶᠣᠰᠣᠲᠠᠶ ᠬᠡᠷᠡᠭ︔᡽ᠣᠯᠠᠨ ᠲᠦᠮᠡᠨ ᠤ ᠲᠤᠰᠬᠠᠯ ᠴᠢᠩᠭ᠎ᠠ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠨᠳᠦ ᠶᠡᠭᠡ ᠬᠤᠤᠷ ᠬᠥᠨᠥᠭᠡᠯ ᠤᠴᠠᠷᠠᠭᠤᠯᠵᠤ ᠮᠡᠳᠡᠬᠦ ᠬᠠᠤᠯᠢ ᠠᠴᠠ ᠵᠥᠷᠢᠴᠡᠭᠰᠡᠨ ᠬᠡᠷᠡᠭ ᠪᠤᠶᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠭᠤᠳ ᠬᠡᠷᠡᠭᠵᠢᠭᠦᠯᠦᠭᠰᠡᠨ ᠲᠤᠰᠬᠠᠶ ᠴᠡᠭᠴᠡᠯᠡᠨ ᠵᠠᠰᠠᠯᠲᠠ᠂ ᠭᠤᠤᠯᠳᠠᠯᠭ᠎ᠠ ᠲᠠᠢ ᠬᠢᠨᠠᠨ ᠪᠠᠶᠢᠴᠠᠭᠠᠵᠤ ᠢᠯᠡᠷᠡᠭᠦᠯᠦᠭᠰᠡᠨ ᠪᠥᠭᠡᠳ ᠭᠤᠤᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢᠢᠳᠪᠦᠷᠢᠯᠡᠬᠦ ᠬᠡᠷᠡᠭᠲᠡᠶ ᠭᠡᠵᠦ ᠦᠵᠡᠭᠰᠡᠨ ᠬᠠᠤᠯᠢ ᠠᠴᠠ ᠵᠥᠷᠢᠴᠡᠭᠰᠡᠨ ᠬᠡᠷᠡᠭ︔ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠰᠢᠢᠳᠪᠦᠷᠢᠯᠡᠭᠦᠯᠬᠦ ᠪᠠᠷ ᠮᠡᠳᠡᠭᠦᠯᠦᠭᠰᠡᠨ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠬᠡᠷᠡᠭ ᠪᠤᠶᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠲᠠᠰ ᠳᠡᠪᠰᠢᠭᠦᠯᠦᠨ ᠰᠢᠢᠳᠪᠦᠷᠢᠯᠡᠬᠦ ᠶᠢ ᠵᠥᠪᠰᠢᠶᠡᠷᠡᠭᠰᠡᠨ ᠬᠡᠷᠡᠭ︔ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠶᠢᠴᠠᠭᠠᠨ ᠰᠢᠢᠳᠪᠦᠷᠢᠯᠡᠬᠦ ᠶᠣᠰᠣᠲᠠᠶ ᠪᠤᠰᠤᠳ ᠬᠡᠷᠡᠭ᠃      ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠬᠡ ᠲᠤᠰᠢᠶᠠᠯ ᠤᠨ ᠢᠶᠠᠨ ᠶᠣᠰᠣᠭᠠᠷ ᠲᠣᠰ ᠬᠠᠷᠢᠶ᠎ᠠ ᠣᠷᠣᠨ ᠤ ᠪᠠᠨ ᠳᠣᠲᠣᠷ᠎ᠠ ᠡᠭᠦᠰᠦᠭᠰᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠢ ᠬᠠᠮᠢᠶᠠᠷᠤᠨ᠎ᠠ︔ ᠲᠤᠰ ᠪᠠᠶᠢᠭᠤᠯᠭ᠎ᠠ ︵ᠪᠤᠶᠤ ᠠᠳᠠᠯᠢ ᠱᠠᠲᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ︶ ᠶᠢᠨ ᠬᠢᠨᠠᠨ ᠣᠯᠭᠤᠭᠰᠠᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠪᠤᠶᠤ ᠵᠦᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠢ ᠬᠤᠷᠢᠶᠠᠨ ᠠᠪᠴᠤ ᠬᠦᠴᠦᠨ ᠦᠭᠡᠶ ᠪᠤᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠦᠪᠯᠡᠷᠡᠭᠦᠯᠬᠦ ᠥᠭᠡᠷᠡᠴᠢᠯᠡᠯᠲᠡ ᠶᠢ ᠬᠡᠷᠡᠭᠵᠢᠭᠦᠯᠬᠦ ᠳᠤ᠂ ᠵᠦᠪᠰᠢᠶᠡᠷᠦᠯᠲᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠦᠨᠡᠮᠯᠡᠯ ᠣᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠪᠠ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠰ ᠬᠠᠷᠢᠶ᠎ᠠ ᠣᠷᠣᠨ ᠤ ᠳᠤᠲᠤᠷ᠎ᠠ ᠰᠢᠭᠤᠳ ᠪᠠᠶᠢᠴᠠᠭᠠᠨ ᠰᠢᠢᠳᠪᠦᠷᠢᠯᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠬᠠᠮᠵᠢᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ︵ᠥᠪᠡᠷᠲᠡᠭᠡᠨ ᠵᠠᠰᠠᠬᠤ ᠣᠷᠣᠨ ᠤ ᠱᠠᠲᠤ ᠶᠢ ᠪᠠᠭᠲᠠᠭᠠᠨ᠎ᠠ︶ ᠡᠯ᠎ᠡ ᠵᠦᠢᠯ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠶᠢ ᠰᠢᠢᠳᠪᠦᠷᠢᠯᠡᠬᠦ ᠶᠢ ᠬᠢᠨᠠᠨ ᠪᠠᠶᠢᠴᠠᠭᠠᠵᠤ  ᠰᠢᠢᠳᠪᠦᠷᠢᠯᠡᠬᠦ ᠠᠵᠢᠯ ᠢ ᠪᠦᠬᠦᠨ ᠢ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠭᠤᠯᠭᠠᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ᠂ ᠠᠵᠢᠯᠲᠠᠨ ᠤ ᠣᠷᠣᠨ ᠲᠤᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠬᠦᠯᠵᠦ᠂ ᠬᠠᠷᠢᠭᠤᠴᠠᠯᠭ᠎ᠠ ᠶᠢᠨ ᠬᠠᠷᠠᠯᠲᠠ ᠪᠠ ᠠᠵᠢᠯ ᠤᠨ  ᠦᠷ᠎ᠡ ᠪᠦᠲᠦᠮᠵᠢ ᠶᠢ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠠᠵᠢᠯ ᠬᠢᠬᠦ ᠥᠬᠡᠶ᠂ ᠳᠤᠷ᠎ᠠ ᠪᠠᠷ ᠢᠶᠠᠨ ᠬᠢᠬᠦ᠂ ᠤᠳᠠᠭᠠᠨ ᠬᠢᠬᠦ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠡᠭᠦᠷᠭᠡ ᠬᠠᠷᠢᠭᠤᠴᠠᠯᠭ᠎ᠠ ᠲᠣᠳᠣᠷᠬᠠᠶ ᠵᠠᠬ᠎ᠠ ᠳᠡᠯᠭᠡᠭᠦᠷ ᠤᠨ ᠬᠢᠨᠠᠨ ᠬᠠᠮᠢᠶᠠᠷᠴᠤ ᠵᠠᠰᠠᠬᠤ ᠰᠢᠰᠲ᠋ᠧᠮᠵᠢ ᠶᠢ ᠢᠳᠡᠪᠬᠢᠲᠡᠶ ᠪᠠᠶᠢᠭᠤᠯᠬᠤ ᠬᠡᠷᠡᠭᠲᠡᠶ᠃      ︵ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠬᠡᠷᠡᠭᠲᠡᠢ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠵᠡᠷᠭᠡ ᠰᠢᠨ᠎ᠡ ᠵᠠᠭᠪᠤᠷ ᠢ ᠠᠬᠢᠭᠤᠯᠵᠤ᠂ ᠢᠳᠡᠪᠬᠢᠲᠡᠶ ᠪᠠᠷ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠬᠤᠯᠪᠤᠨ ᠬᠠᠮᠲᠤ ᠪᠠᠷ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠨᠢᠭᠡᠳᠦᠯᠲᠡᠶ᠂ ᠵᠢᠷᠤᠮᠵᠢᠭᠰᠠᠨ᠂ ᠣᠯᠠᠨ ᠱᠠᠲᠤ ᠪᠠᠷ ᠬᠤᠯᠪᠣᠭᠠᠯᠠᠨ ᠬᠥᠳᠡᠯᠦᠯᠴᠡᠭᠰᠡᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠵᠦ ᠬᠡᠷᠡᠭ  ᠰᠢᠢᠳᠪᠦᠷᠢᠯᠡᠬᠦ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠣᠷᠣ ᠮᠥᠷ ᠦᠯᠡᠳᠡᠭᠡᠨ ᠂ ᠮᠦᠷᠳᠡᠵᠦ ᠪᠣᠯᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠠᠰᠠᠭᠤᠳᠠᠯ ᠪᠠ ᠬᠡᠷᠡᠭ ᠤᠨ ᠰᠦᠪᠡᠭᠴᠢ ᠶᠢ ᠰᠢᠰᠲ᠋ᠧᠮ ᠤᠨ ᠭᠠᠳᠠᠨ᠎ᠠ ᠡᠷᠭᠢᠯᠳᠦᠭᠦᠯᠬᠦ ᠶᠢ ᠲᠡᠪᠴᠢᠵᠦ᠂ ᠡᠷᠬᠡ ᠶᠢᠨ ᠢᠯᠡ ᠪᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠥᠲᠥᠯᠥᠨ ᠵᠢᠯᠣᠭᠤᠳᠬᠤ᠂ ᠵᠢᠱᠢᠶ᠎ᠡ ᠦᠵᠡᠭᠦᠯᠬᠦ᠂ ᠰᠤᠷᠭᠠᠨ ᠬᠥᠮᠦᠵᠢᠭᠦᠯᠬᠦ᠂ ᠢᠳᠬᠠᠬᠤ ᠵᠡᠷᠭᠡ ᠠᠯᠪᠠᠳᠠᠯᠭ᠎ᠠ ᠶᠢᠨ ᠪᠤᠰᠤ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠳᠡᠯᠭᠡᠷᠡᠭᠦᠯᠦᠨ ᠬᠡᠷᠡᠭᠯᠡᠵᠦ᠂ ᠤᠶᠠᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠬᠡᠷᠡᠭᠲᠡᠢ᠃      ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠬᠡᠷᠡᠭ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠰᠡᠨ᠂ ᠰᠦᠪᠡᠭᠴᠢ ᠶᠢ ᠰᠢᠯᠵᠢᠭᠦᠯᠦᠨ ᠲᠤᠰᠢᠶᠠᠬᠤ ᠪᠠᠶᠢᠩᠭᠤ ᠶᠢᠨ ᠲᠦᠷᠢᠮ ᠢ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠥᠷᠳᠡᠨ ᠪᠠᠶᠢᠴᠠᠭᠠᠬᠤ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ  ᠰᠢᠢᠳᠪᠦᠷᠢᠯᠡᠭᠦᠯᠵᠦ᠂ ᠶᠠᠯ᠎ᠠ ᠳᠤ ᠬᠤᠯᠪᠤᠭᠳᠠᠭᠰᠠᠨ ᠰᠡᠵᠢᠭᠯᠡᠯᠲᠡᠶ ᠪᠠᠶᠢᠪᠠᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠬᠠᠤᠯᠢ ᠬᠡᠷᠡᠭᠵᠢᠭᠦᠯᠬᠦ ᠴᠤᠪᠤᠷᠠᠯ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ  ᠴᠢᠩᠭᠠᠳᠬᠠᠬᠤ ᠬᠡᠷᠡᠭᠲᠡᠢ᠃ ᠬᠡᠷᠡᠭ ᠢ ᠬᠢᠨᠠᠨ ᠬᠠᠷᠭᠤᠭᠤᠯᠬᠤ ᠶᠠᠪᠤᠳᠠᠯ ᠢ ᠲᠤᠰᠬᠠᠶ ᠪᠠᠶᠢᠭᠤᠯᠤᠮᠵᠢ ᠪᠠ ᠲᠤᠰᠬᠠᠶ ᠬᠥᠮᠦᠨ ᠬᠠᠷᠢᠭᠤᠴᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ ᠢ ᠰᠢᠭᠦᠬᠦ ᠳᠤ ︽   ᠬᠤᠶᠠᠷ ᠢ ᠰᠠᠯᠭᠠᠬᠤ︾ ᠬᠡᠷᠡᠭᠲᠡᠢ᠃ ᠦᠢᠯᠡ ᠪᠠᠶᠢᠳᠠᠯ ᠨᠢ ᠨᠠᠷᠢᠨ ᠪᠤᠳᠤᠯᠢᠶᠠᠨᠲᠠᠶ ᠪᠠ ᠬᠠᠤᠯᠢ ᠶᠢ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠥᠭᠬᠦ ᠳᠡᠭᠡᠨ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ᠂ ᠮᠠᠭᠤ ᠨᠥᠯᠥᠭᠡ ᠭᠠᠷᠭᠠᠭᠰᠠᠨ᠂ ᠡᠰᠡᠬᠦᠯ᠎ᠡ ᠨᠡᠶᠢᠭᠡᠮ ᠤᠨ ᠬᠤᠤᠷ ᠬᠥᠨᠥᠭᠡᠯ ᠤᠨ ᠬᠡᠮᠵᠢᠶ᠎ᠡ ᠪᠠᠷ ᠨᠡᠯᠢᠶᠡᠳ ᠶᠡᠭᠡ ᠪᠤᠰᠤᠳ ᠬᠡᠷᠡᠭ ᠲᠤ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠬᠦ ᠪᠠ ᠫᠠᠶᠢᠰᠠ ᠡᠯᠭᠦᠨ ᠰᠢᠮᠳᠠᠭᠤᠯᠤᠨ  ᠭᠦᠢᠴᠡᠳᠭᠡᠵᠦ᠂ ᠬᠤᠭᠤᠴᠠᠭ᠎ᠠ ᠲᠤᠭᠲᠠᠭᠠᠨ ᠬᠡᠷᠡᠭ ᠢ ᠳᠠᠭᠤᠰᠬᠠᠬᠤ ᠶᠢᠨ ᠬᠠᠮᠲᠤ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠢᠯᠵᠢᠭᠦᠯᠦᠨ ᠭᠦᠢᠴᠡᠳᠭᠡᠬᠦ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠨᠡᠶᠢᠳᠠᠪᠤᠷᠢᠵᠢᠭᠤᠯᠬᠤ ᠬᠡᠷᠡᠭᠲᠡᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ