ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ | 2022 ᠣᠨ ᠤ 5 ᠳ᠋ᠤᠭᠠᠷ ᠰᠠᠷ᠎ᠠ ᠶᠢᠨ 7 ᠤ ᠡᠳᠦᠷ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ ᠄ | ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠴᠢᠬᠤᠯᠠ ᠪᠡᠯᠡᠳᠬᠡᠮᠵᠢ ᠶᠢᠨ ᠴᠡᠷᠢᠭ ᠠᠷᠠᠳ ᠬᠠᠮᠳᠤᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ | ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ﹀ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠬᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ | ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2021﹈ 79 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠪᠠ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ | ᠪᠣᠯᠭᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠪᠠ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠣᠨᠣᠯᠵᠢᠬᠤᠨ ᠢ | ᠦᠢᠯᠡᠳᠦᠯᠭᠡᠵᠢᠭᠦᠯᠵᠦ᠂ ︽ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ᠂ ᠭᠤᠣᠯᠳᠠᠯᠭ᠎ᠠ ᠶᠢ ᠳᠣᠪᠤᠶᠢᠯᠭᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ | ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠯᠠᠪᠳᠠᠭᠤᠨ ᠢᠶᠠᠷ ᠠᠬᠢᠭᠤᠯᠬᠤ᠂ ᠮᠡᠷᠭᠡᠵᠢᠯ ᠢᠶᠠᠷ ᠬᠥᠲᠥᠯᠥᠨ | ᠳᠠᠭᠠᠭᠤᠯᠬᠤ᠂ ᠪᠣᠬᠢᠷᠲᠤᠯ ᠦᠭᠡᠶ ᠪᠠᠷ ᠬᠥᠭᠵᠢᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠴᠢᠮ ᠢ ᠪᠠᠷᠢᠮᠲᠠᠯᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ | ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠲᠡᠢ | ᠠᠬᠢᠭᠤᠯᠵᠤ᠂ ᠠᠷᠠᠳ ᠤᠨ ᠠᠮᠢᠳᠤᠷᠠᠯ ᠪᠠ ᠲᠡᠶᠢᠨ ᠳᠤ ᠪᠡᠯᠡᠳᠬᠡᠬᠦ ᠶᠢ ᠬᠠᠮᠲᠤ ᠳᠤᠨᠢ ᠬᠠᠷᠠᠭᠠᠯᠵᠠᠬᠤ᠂ ᠡᠩ ᠤᠨ ᠦᠶ᠎ᠡ ᠪᠠ ᠲᠡᠶᠢᠨ ᠤ ᠦᠶ᠎ᠡ ᠶᠢ | ᠤᠶᠠᠯᠳᠤᠭᠤᠯᠤᠨ ᠬᠤᠶᠠᠷ ᠲᠠᠯ᠎ᠠ ᠶᠢᠨ ᠠᠰᠢᠭ ᠭᠥᠷᠳᠡᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠬᠤᠶᠠᠷ᠂ ᠭᠤᠣᠯ ᠬᠠᠷᠠᠯᠲᠠ | ︽ᠭᠤᠷᠪᠠᠨ ᠬᠤᠲᠠ︾ ᠶᠢ ᠴᠢᠷᠮᠠᠶᠢᠨ ᠡᠭᠦᠳᠦᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ ᠴᠣᠭᠴᠠᠯᠠᠬᠤ᠂ ︽ᠳᠥᠷᠪᠡᠨ ᠶᠡᠭᠡ | ᠠᠵᠤ ᠠᠬᠤᠶ ᠶᠢᠨ ᠴᠠᠭᠠᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ | ᠶᠡᠭᠡ ᠠᠵᠤ ᠦᠢᠯᠡᠰ ᠤᠨ ᠪᠦᠯᠦᠭᠵᠢᠯ︾ ᠢ ᠪᠤᠶᠢᠵᠢᠭᠤᠯᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ | ᠪᠦᠰᠡ ᠶᠢᠨ ᠭᠤᠣᠯ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ | ᠠᠰᠢᠭᠯᠠᠵᠤ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠪᠠᠷ ᠭᠠᠷᠳᠠᠬᠤ ᠴᠡᠭ ᠪᠣᠯᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠨᠢᠭᠡ | ᠪᠦᠯᠦᠭ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ | ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠡᠷᠭᠢᠨ ᠲᠣᠭᠤᠷᠢᠨ ᠤ ᠲᠡᠷᠭᠡ ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ | ᠵᠠᠮ ᠬᠠᠷᠢᠯᠴᠠᠭᠠᠨ ᠤ ᠲᠦᠭᠵᠢᠷᠡᠯ᠂ ᠬᠦᠮᠦᠨ ᠬᠠᠷ᠎ᠠ ᠳᠠᠯᠳᠠᠯᠠᠬᠤ ᠪᠠᠷᠢᠯᠭ᠎ᠠ ᠶᠢᠨ ᠬᠤᠪᠢ ᠶᠢᠨ ᠵᠢᠩ ᠨᠡᠯᠢᠶᠡᠳ ᠳᠣᠣᠷ᠎ᠠ ᠪᠠᠶᠢᠬᠤ᠂ ᠡᠮᠴᠢᠯᠡᠭᠡ ᠶᠢᠨ ᠠᠪᠤᠷᠠᠨ | ᠲᠤᠰᠠᠯᠠᠬᠤ ᠪᠠᠷᠢᠯᠭ᠎ᠠ ᠳᠤᠲᠠᠭᠳᠠᠵᠤ ᠪᠠᠶᠢᠭ᠎ᠠ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠪᠠ ᠭᠠᠵᠠᠷ ᠳᠣᠤᠷᠠᠬᠢ ᠣᠷᠣᠨ ᠵᠠᠶ ᠶᠢ ᠬᠠᠮᠲᠤ ᠳᠤᠨᠢ ᠬᠠᠷᠠᠭᠠᠯᠵᠠᠬᠤ ᠶᠢ ᠪᠡᠶᠡᠯᠡᠭᠦᠯᠵᠦ᠂ ᠰᠡᠷᠭᠡᠶᠢᠯᠡᠯᠲᠡ ᠪᠠᠶᠢᠷᠢᠯᠠᠭᠤᠯᠬᠤ ᠪᠠᠷᠢᠯᠭ᠎ᠠ ᠨᠢ ᠲᠡᠶᠢᠨ ᠤ | ᠦᠶ᠎ᠡ ᠶᠢᠨ ᠴᠢᠳᠠᠮᠵᠢ ᠶᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠯᠦᠭᠡ ᠬᠠᠷᠢᠯᠴᠠᠨ ᠤᠶᠠᠯᠳᠤᠭᠤᠯᠬᠤ ᠶᠢ ᠪᠠᠲᠤᠯᠠᠵᠤ᠂ | ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠲᠥᠯᠥᠪᠯᠡᠭᠡ ᠶᠢ ᠰᠠᠶᠢᠲᠤᠷ ᠠᠳᠬᠤᠨ᠎ᠠ᠃ ︽ | ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠶᠢᠭᠤᠯᠬᠤ ᠪᠠᠷ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠳᠤ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠵᠤ᠂ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢ ᠬᠤᠲᠠ ᠶᠢᠨ ᠪᠥᠲᠥᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠪᠥᠲᠥᠭᠡᠨ | ᠪᠠᠶᠢᠭᠤᠯᠤᠯᠲᠠ ᠲᠠᠢ ᠤᠶᠠᠯᠳᠤᠭᠤᠯᠬᠤ ᠶᠢ ᠭᠤᠤᠯᠳᠠᠯᠭ᠎ᠠ ᠲᠠᠢ ᠬᠥᠲᠥᠯᠦᠨ ᠵᠢᠯᠣᠭᠤᠳᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠬᠤᠯᠪᠤᠯᠳᠤᠨ ᠨᠡᠪᠲᠡᠷᠡᠯᠴᠡᠬᠦ᠂ ᠭᠤᠤᠯᠳᠠᠯᠭ᠎ᠠ ᠲᠠᠢ ᠣᠷᠣᠨ ᠪᠦᠰᠡ ᠶᠢᠨ ᠲᠠᠷᠬᠠᠭᠠᠨ ᠳᠠᠯᠳᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠡᠷᠭᠡ ᠳᠤᠲᠠᠭᠤᠳᠠᠯ ᠢ ᠨᠥᠬᠦᠪᠦᠷᠢᠯᠡᠬᠦ ᠪᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ | ᠠᠬᠢᠭᠤᠯᠬᠤ ᠬᠡᠷᠡᠭᠲᠡᠢ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ | ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ ᠢᠷᠡᠯᠲᠡ ᠶᠢ ᠪᠠᠲᠤᠯᠠᠨ᠎ᠠ᠃ ᠬᠤᠲᠠ ᠶᠢᠨ | ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠲᠣᠭᠤᠷᠢᠭ ᠤᠨ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ | ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠳᠥᠯᠭᠢᠨ ᠠᠬᠢᠭᠤᠯᠬᠤ ᠬᠠᠷᠢᠭᠤᠴᠯᠠᠭ᠎ᠠ ᠶᠢᠨ ᠭᠤᠣᠯ ᠴᠣᠭᠴᠠ ᠪᠣᠯᠣᠨ᠎ᠠ᠂ ᠬᠤᠳᠠ ᠶᠢᠨ ᠡᠪᠳᠡᠯᠡᠭᠡ ᠶᠢ ᠳᠠᠭᠠᠭᠠᠬᠤ ᠶᠡᠷᠦᠩᠬᠡᠶ ᠴᠢᠳᠠᠪᠤᠷᠢ ᠶᠢ | ᠳᠡᠭᠡᠭᠰᠢᠯᠡᠭᠦᠯᠬᠦ ᠪᠠ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠲᠠᠯ᠎ᠠ ᠠᠴᠠ ᠪᠣᠳᠣᠯᠬᠢᠯᠠᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠵᠢᠯ ᠤᠨ ᠳᠤᠮᠳᠠ | ᠣᠷᠣᠰᠢᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠥᠨᠳᠥᠷ ᠪᠦᠲᠦᠮᠵᠢᠲᠡᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠳᠠᠯᠢ ᠱᠠᠲᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠤᠨ ᠲᠥᠰᠦᠪ ᠤᠨ ᠬᠠᠮᠢᠶᠠᠷᠤᠯᠲᠠ ᠪᠠᠨ | ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠯᠭ᠎ᠠ ᠶᠢ | ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠲᠤᠯᠠᠬᠤ ᠬᠡᠷᠡᠭᠲᠡᠶ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠲᠦᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠭᠤᠷᠪᠠ︶ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠡᠷᠢᠭᠦᠨ ᠤ ᠤᠨᠤᠯᠵᠢᠬᠤᠨ | ᠪᠣᠯᠤᠨ ᠰᠢᠨ᠎ᠡ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠠᠪᠴᠢᠷᠠᠵᠤ᠂ ᠰᠢᠩᠭᠡᠭᠡᠨ ᠠᠪᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠲᠠᠶᠢᠨ ᠤ ᠦᠶ᠎ᠡ ᠶᠢᠨ ᠴᠢᠳᠠᠮᠵᠢ᠂ ᠰᠡᠷᠭᠡᠶᠢᠯᠡᠨ ᠬᠠᠮᠠᠭᠠᠯᠠᠬᠤ ᠲᠡᠰ᠂ ᠡᠩ ᠤᠨ ᠦᠶ᠎ᠡ ᠪᠠ ᠲᠠᠶᠢᠨ ᠤ ᠦᠶ᠎ᠡ ᠶᠢᠨ ᠰᠣᠯᠢᠭᠳᠠᠯ ᠵᠡᠷᠭᠡ ᠲᠠᠯ᠎ᠠ ᠶᠢᠨ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ᠂ ᠠᠶᠤᠯ ᠥᠭᠡᠢ ᠶᠢᠨ ᠬᠢᠨᠠᠯᠲᠠ | ᠬᠠᠮᠢᠶᠠᠷᠤᠯᠲᠠ ᠶᠢᠨ ᠵᠠᠭᠪᠤᠷ ᠬᠢᠭᠡᠳ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ | ᠪᠠ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ︵ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠣᠷᠣᠯᠠᠨ | ᠪᠠᠶᠢᠭᠤᠯᠬᠤ ᠨᠢᠭᠡᠴᠡ ᠠᠴᠠ ᠬᠠᠷᠢᠭᠤᠴᠠᠨ᠎ᠠ︶ | ︵ᠲᠥᠷᠪᠡ︶ ᠪᠥᠳᠥᠭᠡᠨ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠥᠳᠥᠭᠡᠨ ᠪᠠᠶᠢᠭᠤᠯᠬᠤ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ | ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠳᠤ ᠣᠷᠣᠯᠠᠨ ᠪᠠᠶᠢᠭᠤᠯᠬᠤ | ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠬᠠᠮᠢᠶᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ | ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ | ᠶᠠᠪᠤᠴᠠ ᠶᠢᠨ ᠲᠠᠰ ᠳᠠᠷᠠᠭᠠᠯᠠᠯ ᠨᠢ ᠵᠢᠷᠤᠮᠵᠢᠭᠤᠨ᠂ ᠶᠠᠰᠤ ᠴᠢᠨᠠᠷ ᠨᠢ ᠡᠵᠡᠮᠳᠡᠵᠦ ᠪᠣᠯᠬᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠤᠯᠤᠰ ᠤᠨ ᠨᠢᠭᠤᠴᠠ ᠳᠤ ᠬᠤᠯᠪᠣᠭᠳᠠᠭᠰᠠᠨ ᠠᠴᠠ ᠪᠣᠯᠵᠣ ᠢᠯᠡ ᠪᠠᠷ ᠳᠠᠭᠠᠭᠠᠴᠢᠯᠠᠯᠲᠠ ᠵᠠᠷᠯᠠᠬᠤ ᠳᠤ ᠳᠣᠭᠢᠷᠠᠬᠤ ᠥᠬᠡᠶ ᠪᠠᠷᠢᠯᠭ᠎ᠠ ᠶᠢᠨ ᠲᠥᠷᠥᠯ | ᠵᠦᠢᠯ ᠳᠤ ᠪᠣᠯ᠂ ᠳᠠᠭᠠᠭᠠᠴᠢᠯᠠᠨ ᠪᠠᠶᠢᠭᠤᠯᠬᠤ ᠨᠢᠭᠡᠴᠡ ᠠᠴᠠ ᠬᠠᠷᠢᠭᠤᠴᠠᠵᠤ ᠪᠠᠶᠢᠭᠠᠳ ᠤᠷᠢᠵᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ | ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠲᠤᠭᠲᠠᠭᠠᠵᠤ᠂ ᠨᠢᠭᠤᠴᠠ ᠳᠤ ᠬᠤᠯᠪᠣᠭᠳᠠᠬᠤ ᠪᠠᠷᠢᠯᠭ᠎ᠠ ᠶᠢᠨ | ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠵᠡᠷᠭᠡ ᠪᠥᠬᠦ ᠶᠠᠪᠤᠴᠠ ᠶᠢ ᠪᠡᠶᠡᠯᠡᠭᠦᠯᠬᠦ ᠬᠡᠷᠡᠭᠲᠡᠶ | ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ᠂ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ | ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠲᠠᠪᠤ︶ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ | ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠡᠨ ᠬᠡᠷᠡᠭᠯᠡᠪᠡᠯ ᠲᠡᠷᠡ ᠬᠠᠮᠠᠭᠠᠯᠠᠬᠤ︾ ᠵᠠᠷᠴᠢᠮ ᠶᠣᠰᠣᠭᠠᠷ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠳᠦᠷ ᠲᠤᠳᠤᠮ ᠤᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠥᠷᠢᠨᠰᠢᠬᠦᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢ ᠬᠡᠷᠡᠭᠯᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠪᠠᠨ | ᠭᠦᠢᠴᠡᠳᠬᠡᠬᠦ ᠶᠢ ᠰᠢᠮᠳᠠᠭᠤᠯᠬᠤ ᠬᠡᠷᠡᠭᠲᠡᠶ᠃ ᠥᠪᠡᠷ ᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠦᠷᠢᠶᠡᠰᠦᠯᠡᠭᠦᠯᠬᠦ | ᠵᠠᠷᠴᠢᠮ᠂ ᠬᠢᠨᠠᠨ ᠵᠥᠪᠰᠢᠶᠡᠷᠡᠬᠦ ᠡᠷᠬᠡ ᠮᠡᠳᠡᠯ᠂ ᠲᠦᠷᠢᠶᠡᠰᠦᠯᠡᠭᠦᠯᠬᠦ ᠲᠠᠰ ᠳᠠᠷᠠᠭᠠᠯᠠᠯ᠂ ᠰᠠᠭᠤᠷᠢ ᠦᠨ᠎ᠡ ᠶᠢ ᠲᠣᠭᠲᠠᠭᠠᠬᠤ᠂ ᠲᠦᠷᠢᠶᠡᠰᠦᠨ ᠮᠥᠩᠭᠦ ᠶᠢᠨ | ᠣᠷᠣᠯᠭ᠎ᠠ ᠶᠢᠨ ᠬᠠᠮᠢᠶᠠᠷᠤᠯᠲᠠ ᠵᠡᠷᠭᠡ ᠳᠤ ︽ᠬᠥᠬᠡᠬᠤᠲᠠ ᠶᠢᠨ ᠰᠢᠭᠤᠳ ᠬᠠᠷᠢᠶ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠲᠦᠷᠢᠶᠡᠰᠦᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠡᠯᠡ ᠣᠷᠣᠭᠤᠯᠵᠤ ᠡᠵᠡᠩᠨᠡᠬᠦ | ᠲᠣᠭᠲᠠᠴᠠ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢᠨ ᠲᠤᠰᠠᠭᠠᠷ ᠪᠡᠯᠡ ᠣᠷᠣᠭᠤᠯᠬᠤ᠂ ᠪᠡᠯᠡ ᠨᠡᠶᠢᠯᠡᠭᠦᠯᠬᠦ ᠵᠡᠷᠭᠡ ᠠᠷᠭ᠎ᠠ | ᠮᠠᠶ᠋ᠢᠭ ᠢᠶᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠰᠡᠷᠭᠡᠶᠢᠯᠡᠯᠲᠡ ᠪᠠᠶᠢᠷᠢᠯᠠᠭᠤᠯᠬᠤ ᠶᠢ ᠬᠠᠮᠲᠤ ᠳᠤᠨᠢ ᠬᠠᠷᠠᠭᠠᠯᠵᠠᠬᠤ ᠪᠠᠷᠢᠯᠭ᠎ᠠ ᠶᠢᠨ | ᠪᠥᠳᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ | ᠳᠥᠭᠦᠮᠴᠢᠯᠡᠨ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︵ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠭᠡᠷ᠂ ᠬᠤᠳᠠ ᠶᠢᠨ ᠲᠦᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ | ᠬᠥᠳᠡᠯᠦᠯᠴᠡᠬᠦ ᠶᠢ ᠴᠢᠩᠭᠠᠷᠠᠭᠤᠯᠤᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠳᠤᠳᠬᠠᠨ ᠰᠠᠶᠢᠳᠤᠷ ᠬᠢᠬᠦ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠬᠤ ᠶᠢ ᠬᠦᠴᠦᠲᠡᠢ ᠳᠡᠮᠵᠢᠬᠦ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ | ᠪᠠᠲᠤᠯᠠᠭ᠎ᠠ ᠶᠢᠨ ᠬᠡᠪᠴᠢᠶᠡᠨ ᠳᠤ ᠬᠠᠤᠯᠢ ᠲᠣᠭᠲᠠᠭᠠᠯ ᠶᠣᠰᠣᠭᠠᠷ ᠣᠷᠣᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢᠨ ᠭᠤᠤᠯ ᠠᠭᠤᠯᠭ᠎ᠠ ᠶᠢ | ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ ᠨᠠᠷᠢᠨ ᠲᠥᠯᠥᠪᠵᠢᠭᠦᠯᠭᠡ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ︔ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠪᠡᠯᠡ ᠣᠷᠤᠭᠤᠯᠤᠭᠰᠠᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠳᠤ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠡᠩ ᠤᠨ ᠦᠶ᠎ᠡ ᠶᠢᠨ ᠲᠡᠷᠭᠡ ᠵᠣᠭᠰᠣᠭᠠᠬᠤ ᠪᠡᠯᠡᠳᠬᠡᠮᠵᠢ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︔ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠤᠲᠠ ᠶᠢᠨ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭᠤᠯᠤᠭᠰᠠᠨ | ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ | ᠢᠳᠡᠪᠬᠢᠲᠡᠶ ᠬᠠᠮᠵᠢᠯᠴᠠᠨ ᠠᠬᠢᠭᠤᠯᠬᠤ ᠬᠡᠷᠡᠭᠲᠡᠶ᠃ | ︵ᠬᠤᠶᠠᠷ︶ ᠠᠵᠢᠯ ᠢ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠭᠡᠷ ᠠᠴᠠ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠬᠢᠨᠠᠨ ᠵᠢᠯᠣᠭᠤᠳᠬᠤ ᠶᠢ | ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠡᠨᠡᠬᠦ ᠠᠵᠢᠯ ᠢ ᠰᠢᠨ᠎ᠡ ᠶᠢ ᠡᠭᠦᠳᠬᠦ ᠴᠢᠨᠠᠷᠲᠠᠶ ᠠᠵᠢᠯ ᠪᠣᠯᠭᠠᠨ ᠰᠠᠶᠢᠲᠤᠷ ᠠᠳᠬᠤᠵᠤ ᠪᠣᠳᠠᠲᠠᠶ ᠠᠳᠬᠤᠵᠤ᠂ ᠭᠤᠣᠯ ᠤᠳᠤᠷᠢᠳᠤᠯᠭ᠎ᠠ | ᠨᠠᠷ ᠪᠡᠶ᠎ᠡ ᠪᠠᠷ ᠢᠶᠠᠨ ᠲᠥᠯᠥᠪᠯᠡᠨ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠲᠥᠯᠬᠢᠨ ᠠᠬᠢᠭᠤᠯᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠠᠳᠠᠯᠢ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠵᠢᠴᠢ ᠴᠡᠷᠢᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠷᠢᠭᠤ ᠮᠡᠳᠡᠭᠦᠯᠵᠦ᠂ ᠳᠡᠮᠵᠢᠯᠭᠡ ᠤᠯᠬᠤ ᠪᠠᠷ ᠢᠳᠡᠪᠬᠢᠲᠡᠶ ᠴᠢᠷᠮᠠᠶᠢᠬᠤ | ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠨᠢᠭᠲᠠ ᠣᠯᠠᠨ | ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠢᠯᠠᠩᠭᠤᠶ᠎ᠠ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠦᠨ ᠬᠥᠭᠵᠢᠭᠦᠯᠦᠭᠰᠡᠨ ᠦᠷ᠎ᠡ ᠪᠦᠲᠦᠮᠵᠢ ᠪᠠᠷ ᠢᠯᠡᠳᠲᠡ | ᠲᠥᠷᠥᠯ ᠵᠦᠢᠯ ᠢ ᠶᠡᠬᠡᠪᠡᠷ ᠤᠬᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ | ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠤᠷᠠᠬᠢ ᠣᠷᠣᠨ ᠵᠠᠶ ᠶᠢ | ᠨᠡᠭᠡᠭᠡᠨ ᠬᠥᠭᠵᠢᠭᠦᠯᠵᠦ ᠠᠭᠤᠰᠤᠯᠴᠠᠭᠤᠯᠤᠨ ᠬᠦᠭᠵᠢᠬᠦᠯᠦᠭᠰᠡᠨ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠠᠭ ᠲᠤᠬᠠᠶ ᠳᠤᠨᠢ | ᠳ᠋ᠦᠩᠨᠡᠨ ᠪᠦᠷᠢᠯᠳᠦᠭᠦᠯᠬᠦ ᠬᠡᠷᠡᠭᠲᠡᠢ᠃ |