︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ 10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/7/29
               ᠬᠥᠬᠡᠬᠤᠲᠠ ᠵᠠᠰᠠᠭ ᠲᠠᠷᠬᠠᠭᠠᠭᠰᠠᠨ ︹ 2022 ︺26 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ 10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                       ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                                       2022 ᠣᠨ ᠤ 5 ᠰᠠᠷ᠎ᠠ ᠶᠢᠨ 23 ᠤ ᠡᠳᠦᠷ                 ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ                10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶       ᠨᠢᠭᠡᠳᠦᠭᠡᠷ ᠵᠦᠢᠯ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠳᠤ ᠦᠢᠯᠡᠴᠢᠯᠡᠬᠦ᠂ ᠴᠢᠳᠠᠪᠤᠷᠢᠲᠠᠨ ᠢ ᠦᠯᠡᠳᠡᠭᠡᠬᠦ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠨᠠᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠵᠡᠷᠭᠡ ᠴᠢᠳᠠᠪᠤᠷᠢᠲᠠᠨ ᠢ ᠲᠠᠲᠠᠵᠤ ᠬᠥᠬᠡᠬᠤᠲᠠ ᠳᠤ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠵᠤ᠂ ᠲᠡᠳᠡᠨ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ 10 ᠵᠦᠢᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠨᠠᠮ ᠲᠠᠷᠬᠠᠭᠠᠭᠰᠠᠨ︹ 2021 ︺13 ᠳ᠋ᠤᠭᠠᠷ ᠲᠣᠭᠠᠲᠤ︶ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠭᠡᠷ ᠲᠦᠷᠢᠶᠡᠰᠦᠯᠡᠬᠦ ᠨᠥᠬᠦᠪᠥᠷᠢ᠃ ᠬᠤᠲᠠ ᠶᠢᠨ ᠬᠡᠪᠴᠢᠶᠡᠨ ᠳᠣᠲᠣᠷᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠤᠭᠰᠠᠨ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠵᠤ ᠲᠡᠭᠦᠰᠦᠭᠡᠳ ᠬᠤᠶᠠᠷ ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ ᠲᠤ ᠬᠡᠷ ᠲᠦᠷᠢᠶᠡᠰᠦᠯᠡᠬᠦ ᠨᠥᠬᠦᠪᠥᠷᠢ ᠣᠯᠭᠤᠵᠤ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠣᠷᠣᠭᠴᠢ ᠳᠤ ᠲᠣᠰ ᠲᠣᠰ ᠰᠠᠷ᠎ᠠ ᠪᠠᠷ 1000 ᠲᠥᠭᠦᠷᠢᠭ᠂ 800 ᠲᠥᠭᠦᠷᠢᠭ᠂ 500 ᠲᠥᠭᠦᠷᠢᠭ ᠤᠨ ᠨᠥᠬᠦᠪᠥᠷᠢ ᠣᠯᠭᠤᠨ᠎ᠠ ︵ᠨᠥᠬᠦᠪᠥᠷᠢ ᠥᠭᠬᠦ ᠬᠤᠭᠤᠴᠠᠭ᠎ᠠ ᠶᠢ 24 ᠰᠠᠷ᠎ᠠ ᠠᠴᠠ ᠬᠡᠲᠦᠷᠡᠭᠦᠯᠬᠦ ᠥᠬᠡᠶ︶᠃      ᠭᠤᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠨ ᠰᠠᠭᠤᠵᠤ ᠪᠠᠶᠢᠭ᠎ᠠ ᠮᠥᠷᠲᠡᠭᠡᠨ ᠴᠢᠳᠠᠪᠤᠷᠢᠲᠠᠨ ᠢ ᠮᠠᠭᠠᠳᠯᠠᠨ ᠲᠤᠭᠲᠠᠭᠠᠬᠤ ᠨᠥᠬᠦᠴᠡᠯ ᠳᠤ ᠨᠡᠶᠢᠴᠡᠬᠦ ᠬᠥᠮᠦᠰ ᠲᠦᠷᠢᠶᠡᠰᠦᠨ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠣᠷᠣᠭᠴᠢ ᠳᠤ ᠲᠣᠰ ᠲᠣᠰ 100%᠂ 50%᠂ 30% ᠶᠢᠨ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠦᠨ᠎ᠡ ︵ᠨᠥᠬᠦᠪᠥᠷᠢ ᠥᠭᠬᠦ ᠬᠤᠭᠤᠴᠠᠭ᠎ᠠ ᠬᠢᠵᠠᠭᠠᠷ ᠢ 60 ᠰᠠᠷ᠎ᠠ ᠠᠴᠠ ᠬᠡᠲᠦᠷᠡᠭᠦᠯᠬᠦ ᠥᠬᠡᠶ︶᠃      ᠳᠥᠷᠪᠡᠳᠦᠭᠡᠷ ᠵᠦᠢᠯ ᠭᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ᠃ ᠬᠤᠲᠠ ᠶᠢᠨ ᠬᠡᠪᠴᠢᠶᠡᠨ ᠳᠣᠲᠣᠷᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠤᠭᠰᠠᠨ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠲᠡᠭᠦᠰᠦᠭᠰᠡᠨ 5 ᠵᠢᠯ ᠤᠨ ᠳᠣᠲᠣᠷ᠎ᠠ ᠠᠩᠬ᠎ᠠ ᠤᠳᠠᠭ᠎ᠠ ᠬᠤᠲᠠ ᠶᠢᠨ ᠬᠡᠪᠴᠢᠶᠡᠨ ᠳᠣᠲᠣᠷ᠎ᠠ ᠬᠡᠷ ᠪᠠᠶᠢᠰᠢᠩ ᠬᠤᠳᠠᠯᠳᠤᠨ ᠠᠪᠤᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ ᠲᠤ ᠬᠡᠷ ᠪᠠᠶᠢᠰᠢᠩ ᠬᠤᠳᠠᠯᠳᠤᠨ ᠠᠪᠤᠭᠰᠠᠨ ᠨᠥᠬᠦᠪᠥᠷᠢ ᠣᠯᠭᠤᠵᠤ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠣᠷᠣᠭᠴᠢ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃      ᠲᠠᠪᠤᠳᠤᠭᠠᠷ ᠵᠦᠢᠯ ᠬᠤᠶᠠᠳᠤᠭᠠᠷ ᠵᠦᠢᠯ ᠬᠢᠭᠡᠳ ᠭᠤᠷᠪᠠᠳᠤᠭᠠᠷ ᠵᠦᠢᠯ ᠳᠤ ᠬᠠᠮᠲᠤ ᠳᠤᠨᠢ ᠨᠡᠶᠢᠴᠡᠬᠦ ᠭᠤᠶᠤᠴᠢᠯᠠᠭᠴᠢ ᠨᠢ ᠥᠨᠳᠥᠷ ᠪᠠᠷᠢᠮᠵᠢᠶ᠎ᠠ ᠪᠠᠷ ᠬᠦᠷᠲᠡᠭᠡᠬᠦ ᠵᠠᠷᠴᠢᠮ ᠤᠨ ᠶᠣᠰᠣᠭᠠᠷ ᠨᠢᠭᠡ ᠵᠦᠢᠯ ᠤᠨ ᠭᠡᠷ ᠲᠦᠷᠢᠶᠡᠰᠦᠯᠡᠬᠦ ᠨᠥᠬᠦᠪᠥᠷᠢ ᠶᠢ ᠬᠦᠷᠳᠡᠨ᠎ᠡ᠃ 2 ᠬᠥᠮᠦᠨ ᠵᠢᠴᠢ ᠲᠡᠭᠦᠨ ᠠᠴᠠ ᠣᠯᠠᠨ ᠬᠥᠮᠦᠨ ᠠᠳᠠᠯᠢ ᠨᠢᠭᠡ ᠢᠵᠢ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ᠂ ᠵᠥᠪᠬᠡᠨ 1 ᠬᠥᠮᠦᠨ ᠨᠢ ᠭᠡᠷ ᠪᠠᠶᠢᠰᠢᠩ ᠬᠤᠳᠠᠯᠳᠤᠨ ᠠᠪᠤᠭᠰᠠᠨ ᠨᠥᠬᠦᠪᠥᠷᠢ ᠬᠦᠷᠲᠡᠵᠦ ᠪᠣᠯᠤᠨ᠎ᠠ ︵ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠨᠥᠬᠦᠴᠡᠯ ᠳᠤ ᠵᠡᠷᠭᠡ ᠪᠠᠷ ᠨᠡᠶᠢᠴᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠢ︶᠃      ᠵᠢᠷᠭᠤᠳᠤᠭᠠᠷ ᠵᠦᠢᠯ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠦᠷᠦᠭᠦᠯᠡᠵᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠨᠢᠭᠡᠳᠦᠯᠲᠡᠶ ᠵᠣᠬᠢᠶᠠᠨ ᠪᠠᠶᠢᠭᠤᠯᠵᠤ ᠬᠠᠮᠲᠤᠷᠠᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠭᠤᠶᠤᠴᠢᠯᠠᠭᠴᠢ ᠶᠢᠨ ᠬᠡᠷ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠥᠷᠢ ᠭᠤᠶᠤᠴᠢᠯᠠᠨ ᠠᠪᠬᠤ ᠬᠢᠷᠢ ᠬᠡᠮ ᠢ ᠮᠠᠭᠠᠳᠯᠠᠨ ᠲᠣᠭᠲᠠᠭᠠᠵᠤ ᠂ ᠨᠥᠬᠦᠴᠡᠯ ᠳᠤ ᠨᠡᠶᠢᠴᠡᠬᠦ ᠶᠢ ᠨᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠣᠯᠭᠤᠵᠤ᠂ ᠨᠢᠭᠡ ᠰᠠᠷ᠎ᠠ ᠶᠢᠨ ᠳᠣᠲᠣᠷ᠎ᠠ ᠪᠣᠳᠠᠲᠠᠶᠢᠵᠢᠭᠤᠯᠤᠨ᠎ᠠ᠃      ᠳᠣᠯᠣᠳᠤᠭᠠᠷ ᠵᠦᠢᠯ ᠪᠥᠬᠦ ᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠳᠤ᠂ ᠠᠵᠤ ᠠᠬᠤᠶᠢᠯᠠᠯ ᠯᠤᠭ᠎ᠠ 5 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ 1 ᠵᠢᠯ ᠠᠵᠢᠯᠯᠠᠭᠰᠠᠨ ᠤ ᠳᠠᠷᠠᠭ᠎ᠠ ᠳ᠋ᠣᠺᠲ᠋ᠣᠷᠠᠨᠲ ᠲᠤ 5 ᠲᠦᠮᠡᠨ ᠲᠥᠭᠦᠷᠢᠭ᠂ ᠠᠰᠫᠢᠷᠠᠨᠲ ᠲᠤ 2 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠴᠢᠳᠠᠪᠤᠷᠢᠲᠠᠨ ᠤ ᠱᠠᠩᠨᠠᠯ ᠣᠯᠭᠤᠨ᠎ᠠ᠃       ᠨᠠᠢᠮᠠᠳᠤᠭᠠᠷ ᠵᠦᠢᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠬᠡᠬᠤᠲᠠ ᠳᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ᠂ 10 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢ ᠪᠣᠯ ᠭᠡᠳᠡᠷᠭᠦ ᠳᠠᠭᠠᠭᠠᠯᠲᠠ ᠬᠢᠬᠦ ᠶᠢ ᠭᠡᠯᠳᠦᠷᠢᠭᠦᠯᠦᠨ᠎ᠡ︔ ᠵᠢᠵᠢᠭ ᠪᠢᠴᠢᠯ ᠠᠵᠤ ᠠᠬᠤᠶᠢᠯᠠᠯ ᠨᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ᠂ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠪᠠᠷ ᠨᠡᠯᠢᠶᠡᠳ ᠣᠯᠠᠨ ᠪᠠᠶᠢᠪᠠᠯ᠂ ᠮᠠᠭᠠᠳᠯᠠᠨ ᠲᠤᠭᠲᠠᠭᠠᠭᠬᠤ ᠪᠠᠷ ᠳᠡᠮᠵᠢᠨ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠃      ᠶᠢᠰᠦᠳᠦᠭᠡᠷ ᠵᠦᠢᠯ ᠲᠡᠭᠦᠰᠦᠭᠡᠳ 5 ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢᠨ ᠬᠠᠮᠲᠤ ᠵᠣᠬᠢᠬᠤ ᠨᠡᠶᠢᠭᠡᠮ ᠤᠨ ᠪᠠ ᠠᠵᠤ ᠠᠬᠤᠶ ᠶᠢᠨ ᠦᠷ᠎ᠡ ᠠᠰᠢᠭ ᠭᠠᠷᠭᠠᠭᠰᠠᠨ ᠪᠣᠯ᠂ ᠬᠢᠨᠠᠨ ᠰᠢᠯᠭᠠᠷᠠᠭᠤᠯᠬᠤ ᠪᠠᠷ ᠳᠡᠮᠵᠢᠨ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠠᠷᠪᠠᠳᠤᠭᠠᠷ ᠵᠦᠢᠯ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠣᠰ ᠬᠤᠭᠤᠴᠠᠭᠠᠨ ᠤ ᠵᠢᠴᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠤᠭᠠᠳᠤᠶ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠬᠡᠷᠡᠭᠯᠡᠬᠦ ᠶᠢ ᠳᠡᠮᠵᠢᠵᠦ᠂ ᠬᠠᠤᠯᠢ ᠶᠣᠰᠣᠭᠠᠷ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠢ ᠲᠤᠰᠢᠶᠠᠭᠰᠠᠨ ᠪᠠᠶᠢᠪᠠᠯ᠂ ᠠᠵᠤ ᠠᠬᠤᠶᠢᠯᠠᠯ ᠰᠢᠨ᠎ᠡ ᠪᠠᠷ ᠤᠷᠢᠨ ᠬᠡᠷᠡᠭᠯᠡᠭᠰᠡᠨ ᠬᠥᠮᠦᠨ ᠪᠦᠷᠢ ᠳᠤ 2000 ᠲᠥᠭᠦᠷᠢᠭ ᠤᠨ ᠲᠤᠭ᠎ᠠ ᠪᠠᠷ ᠱᠠᠩᠨᠠᠯ ᠣᠯᠭᠤᠨ᠎ᠠ᠃      ᠠᠷᠪᠠᠨ ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ︽ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ ᠤᠨ ᠶᠣᠰᠣᠭᠠᠷ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠬᠠᠷᠠᠭᠠᠯᠵᠠᠭᠰᠠᠨ ᠦᠢᠯᠡᠴᠢᠯᠡᠭᠡ ᠪᠠ ᠣᠯᠭᠤᠮᠵᠢ ᠶᠢ ᠭᠥᠷᠳᠡᠵᠦ ᠪᠣᠯᠤᠨ᠎ᠠ᠃      ᠠᠷᠪᠠᠨ ᠬᠤᠶᠠᠳᠤᠭᠠᠷ ᠵᠦᠢᠯ ᠲᠤᠬᠠᠶ ᠶᠢᠨ ᠵᠢᠯ ᠳᠤ ᠬᠠᠲᠠᠨ ᠴᠢᠨᠠᠷ ᠢᠶᠠᠷ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠠᠨᠢ ᠨᠦᠬᠦᠷ ᠲᠤ ᠠᠵᠢᠯ ᠣᠯᠭᠤᠬᠤ ᠳᠤ᠂ ︽ᠠᠵᠢᠯ ᠲᠠᠢ ᠪᠣᠯ ᠤᠷᠢᠳᠠᠪᠠᠷ ᠠᠵᠢᠯ ᠲᠥᠷᠥᠯ ᠤᠨ ᠰᠢᠰᠲ᠋ᠧᠮ ᠢᠶᠠᠷ ᠳᠣᠭᠢᠷᠠᠭᠤᠯᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠵᠤ ᠪᠠᠶᠢᠭ᠎ᠠ ᠪᠣᠯ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠵᠤ᠂ ᠠᠵᠢᠯ ᠣᠯᠤᠭᠠᠳᠤᠶ ᠪᠠᠶᠢᠪᠠᠯ ᠠᠮᠢᠳᠤᠷᠠᠯ ᠤᠨ ᠨᠥᠬᠦᠪᠥᠷᠢ ᠣᠯᠭᠤᠬᠤ︾ ᠵᠠᠷᠴᠢᠮ ᠶᠣᠰᠣᠭᠠᠷ᠂ ᠬᠠᠨᠢ ᠨᠦᠬᠦᠷ ᠤᠨ ᠬᠢᠨᠢ ᠤᠤᠯ ᠤᠨ ᠠᠵᠢᠯ ᠣᠯᠤᠭᠰᠠᠨ ᠪᠠᠶᠢᠳᠠᠯ᠂ ᠬᠤᠪᠢ ᠬᠥᠮᠦᠨ ᠤ ᠪᠡᠶ᠎ᠡ  ᠶᠢᠨ ᠭᠠᠷᠤᠯ᠂ ᠲᠤᠰᠢᠶᠠᠯ ᠡᠭᠦᠷᠭᠡᠯᠡᠬᠦ ᠴᠢᠳᠠᠪᠤᠷᠢ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠠᠰ ᠳᠠᠪᠬᠤᠷᠭ᠎ᠠ ᠬᠤᠪᠢᠶᠠᠨ ᠳᠣᠭᠢᠷᠠᠭᠤᠯᠤᠨ ᠰᠢᠢᠳᠪᠦᠷᠢᠯᠡᠨ᠎ᠡ᠃ ᠬᠠᠨᠢ ᠨᠦᠬᠦᠷ ᠨᠢ ᠬᠤᠲᠠ ᠶᠢᠨ ᠬᠡᠪᠴᠢᠶᠡᠨ ᠠᠴᠠ ᠭᠠᠳᠠᠨᠠᠬᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠪᠣᠯ ᠳᠡᠰ ᠳᠠᠷᠠᠭᠠᠯᠠᠯ ᠤᠨ ᠶᠣᠰᠣᠭᠠᠷ ᠠᠵᠢᠯ ᠲᠥᠷᠥᠯ ᠤᠨ ᠰᠢᠰᠲ᠋ᠧᠮ ᠢᠶᠠᠷ ᠮᠠᠨ ᠤ ᠬᠤᠲᠠ ᠳᠤ ᠰᠢᠯᠵᠢᠨ ᠢᠷᠡᠵᠦ ᠠᠵᠢᠯᠯᠠᠵᠤ ᠪᠣᠯᠤᠨ᠎ᠠ᠃       ᠠᠷᠪᠠᠨ ᠭᠤᠷᠪᠠᠳᠤᠭᠠᠷ ᠵᠦᠢᠯ ᠲᠤᠬᠠᠶ ᠶᠢᠨ ᠵᠢᠯ ᠳᠤ ᠬᠠᠲᠠᠨ ᠴᠢᠨᠠᠷ ᠢᠶᠠᠷ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ ᠰᠤᠷᠭᠠᠭᠤᠯᠢ ᠳᠤ ᠣᠷᠣᠬᠤ ᠳᠤ᠂ ᠠᠯᠪᠠᠨ ᠠᠴᠠ ᠡᠷᠭᠢᠯᠡᠭᠰᠡᠨ ᠰᠤᠷᠭᠠᠭᠤᠯᠢ ︵ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠤᠶᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ︶ ᠶᠢ ᠨᠢᠭᠡ ᠤᠳᠠᠭ᠎ᠠ ᠰᠣᠩᠭᠤᠬᠤ ᠲᠣᠬᠢᠶᠠᠯ ᠲᠠᠢ       ᠬᠡᠤᠬᠡᠳ ᠤᠨ ᠴᠡᠴᠡᠷᠯᠢᠭ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠣᠨ ᠤ ᠰᠤᠷᠭᠠᠭᠤᠯᠢ ᠳᠤ ᠰᠤᠷᠤᠯᠴᠠᠬᠤ ᠪᠠᠷ ᠭᠤᠶᠤᠴᠢᠯᠠᠭᠰᠠᠨ ᠪᠠᠶᠢᠪᠠᠯ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︽ᠬᠠᠷᠢᠴᠠᠩᠭᠤᠶ ᠪᠠᠷ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ︾ ᠵᠠᠷᠴᠢᠮ ᠶᠣᠰᠣᠭᠠᠷ᠂ ᠦᠷ᠎ᠡ ᠬᠡᠤᠬᠡᠳ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠪᠤᠶᠤ ᠰᠠᠭᠤᠭ᠎ᠠ ᠭᠠᠵᠠᠷ ᠲᠤᠨᠢ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢ ᠰᠣᠩᠭᠤᠵᠤ ᠰᠤᠷᠭᠠᠭᠤᠯᠢ ᠳᠤ ᠣᠷᠣᠭᠤᠯᠬᠤ ᠪᠤᠶᠤ ᠬᠠᠷᠢᠴᠠᠩᠭᠤᠶ ᠪᠠᠷ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠭᠤᠯᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃      ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠬᠤ ᠪᠠᠷ ᠭᠤᠶᠤᠴᠢᠯᠠᠭᠰᠠᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠪᠠᠨ ᠦᠨᠳᠦᠰᠦᠯᠡᠨ ᠥᠨᠳᠥᠷ ᠵᠡᠷᠭᠡ ᠶᠢᠨ ᠱᠠᠲᠤᠨ ᠤ ᠰᠤᠷᠭᠠᠭᠤᠯᠢ ᠢᠶᠠᠨ ᠰᠣᠩᠭᠤᠨ᠎ᠠ᠃      ᠰᠤᠷᠭᠠᠭᠤᠯᠢ ︵ᠴᠡᠴᠡᠷᠯᠢᠭ︶ ᠰᠢᠯᠵᠢᠬᠦ ᠪᠠᠷ ᠭᠤᠶᠤᠴᠢᠯᠠᠪᠠᠯ᠂ ᠬᠤᠲᠠ ᠰᠢᠶᠠᠨ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠤ ᠰᠤᠷᠭᠠᠭᠤᠯᠢ ᠳᠤ ᠣᠷᠣᠬᠤ ᠰᠠᠨᠠᠮᠵᠢ ᠵᠢᠴᠢ ᠬᠤᠭᠤᠰᠣᠨ ᠣᠷᠣᠨ ᠲᠤᠭ᠎ᠠ ᠶᠢᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠥᠬᠦᠶ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠵᠣᠬᠢᠴᠠᠭᠤᠯᠤᠨ ᠳᠣᠭᠢᠷᠠᠭᠤᠯᠵᠤ ᠰᠤᠷᠭᠠᠭᠤᠯᠢ ︵ᠴᠡᠴᠡᠷᠯᠢᠭ︶ ᠰᠢᠯᠵᠢᠬᠦ ᠭᠠᠷᠳᠠᠮ ᠢ ᠤᠷᠢᠳᠠᠪᠠᠷ ᠭᠦᠢᠴᠡᠳᠬᠡᠨ᠎ᠡ᠃      ᠪᠤᠰᠤᠳ ᠣᠨᠴᠠᠭᠠᠶ ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠬᠤᠲᠠ ᠰᠢᠶᠠᠨ ᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ︽ᠨᠢᠭᠡ ᠬᠡᠷᠡᠭ ᠢ ᠨᠢᠭᠡ ᠵᠥᠪᠯᠡᠬᠦ︾ ᠬᠡᠯᠪᠡᠷᠢ ᠪᠠᠷ ᠰᠢᠢᠳᠪᠦᠷᠢᠯᠡᠨ᠎ᠡ᠃      ᠠᠷᠪᠠᠨ ᠳᠥᠷᠪᠡᠳᠦᠭᠡᠷ ᠵᠦᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠪᠥᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠠᠴᠠ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢ ᠰᠢᠨ᠎ᠡ ᠪᠠᠷ ᠪᠠᠶᠢᠭᠤᠯᠬᠤ ᠶᠢ ᠵᠥᠪᠰᠢᠶᠡᠷᠡᠭᠰᠡᠨ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠪᠥᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ ᠳᠠᠩᠰᠠᠯᠠᠭᠤᠯᠤᠭᠰᠠᠨ ᠪᠥᠭᠡᠳ ᠥᠷᠲᠡᠭᠡᠨ ᠳᠤ ᠪᠠᠶᠢᠬᠤ ᠬᠤᠭᠤᠴᠠᠭᠠᠨ ᠳᠠᠭᠠᠨ ᠬᠤᠲᠠ ᠶᠢᠨ ᠲᠠᠰ ᠠᠴᠠ ᠳᠡᠭᠡᠭᠰᠢᠬᠢ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠡᠭᠦᠷᠭᠡ ᠶᠢ ᠡᠭᠦᠷᠭᠡᠯᠡᠵᠦ ᠪᠠᠶᠢᠭ᠎ᠠ ᠥᠷᠲᠡᠭᠡᠨ ᠳᠤ ᠪᠠᠶᠢᠭ᠎ᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠳ ᠲᠤ ᠥᠷᠲᠡᠭᠡᠨ ᠳᠤ ᠪᠠᠶᠢᠭ᠎ᠠ ᠪᠣᠳᠠᠲᠠᠶ ᠠᠵᠢᠯᠯᠠᠬᠤ ᠴᠠᠭ ᠢᠶᠠᠷ ᠨᠢ ᠬᠥᠮᠦᠨ ᠪᠦᠷᠢ ᠳᠤ ᠰᠠᠷ᠎ᠠ ᠪᠦᠷᠢ 3000 ᠲᠥᠭᠦᠷᠢᠭ ᠤᠨ ᠨᠥᠬᠦᠪᠥᠷᠢ ᠣᠯᠭᠤᠨ᠎ᠠ ︵ᠨᠥᠬᠦᠪᠥᠷᠢ ᠥᠭᠬᠦ ᠬᠤᠭᠤᠴᠠᠭ᠎ᠠ ᠨᠢ 24 ᠰᠠᠷ᠎ᠠ ᠠᠴᠠ ᠬᠡᠲᠦᠷᠡᠬᠦ ᠥᠬᠡᠶ ︶᠃      ᠠᠷᠪᠠᠨ ᠲᠠᠪᠤᠳᠤᠭᠠᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠶᠢᠨ ᠥᠷᠲᠡᠭᠡ ᠪᠠᠶᠢᠭᠤᠯᠬᠤ ᠳᠤ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠪᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ ᠥᠷᠲᠡᠭᠡᠨ ᠳᠤ ᠣᠷᠣᠬᠤ ᠳᠠᠩᠰᠠᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠥᠷᠲᠡᠭᠡᠨ ᠳᠤ ᠪᠠᠶᠢᠭ᠎ᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ ᠡᠭᠦᠷᠭᠡᠯᠡᠵᠦ ᠪᠥᠬᠦᠶ ᠬᠤᠲᠠ ᠶᠢᠨ ᠲᠠᠰ ᠠᠴᠠ ᠳᠡᠭᠡᠭᠰᠢᠬᠢ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠮᠲᠤᠷᠠᠭᠰᠠᠨ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠠᠷᠪᠠᠨ ᠵᠢᠷᠭᠤᠳᠤᠭᠠᠷ ᠵᠦᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠵᠦᠢᠯᠡᠰ ᠢ ᠭᠦᠢᠴᠡᠳᠬᠡᠭᠰᠡᠨ ᠪᠠᠶᠢᠳᠠᠯ᠂ ᠦᠢᠯᠡᠴᠢᠯᠡᠭᠡᠨ ᠤ ᠠᠮᠠᠯᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠬᠥᠳᠡᠯᠦᠩᠭᠦᠶ ᠪᠠᠷ ᠮᠥᠷᠳᠡᠬᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ᠂ ᠲᠣᠭᠲᠠᠭᠠᠯ ᠪᠠ ᠠᠮᠠᠯᠠᠯᠲᠠ ᠶᠢᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠭᠦᠢᠴᠡᠳᠬᠡᠵᠦ ᠳᠠᠭᠤᠰᠬᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ ᠭᠤᠶᠤᠴᠢᠯᠠᠭᠴᠢ ᠠᠴᠠ ᠬᠤᠪᠢ ᠬᠥᠮᠦᠨ ᠤ ᠮᠡᠳᠡᠭᠡ ᠵᠠᠩᠭᠢ ᠵᠢᠴᠢ ᠬᠡᠷᠡᠭᠯᠡᠬᠦ ᠵᠦᠢᠯ ᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠬᠠᠩᠭᠠᠬᠤ ᠬᠡᠷᠡᠭᠲᠡᠶ᠂ ᠬᠡᠷᠪᠡ ᠮᠡᠳᠡᠭᠡ ᠵᠠᠩᠭᠢ ᠪᠠᠨ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠭᠰᠠᠨ ᠪᠠᠶᠢᠪᠠᠯ᠂ ᠨᠢᠭᠡᠨᠲᠡ ᠠᠪᠣᠭᠰᠠᠨ ᠨᠥᠬᠦᠪᠥᠷᠢ ᠶᠢᠨ ᠪᠠᠯᠠ ᠮᠥᠩᠭᠦ ᠶᠢ ᠨᠡᠬᠡᠮᠵᠢᠯᠡᠨ ᠠᠪᠴᠢᠷᠠᠬᠤ ᠶᠢᠨ ᠬᠠᠮᠲᠤ᠂ ᠬᠠᠤᠯᠢ ᠶᠣᠰᠣᠭᠠᠷ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠣᠨ᠎ᠠ᠃ ᠭᠤᠶᠤᠴᠢᠯᠠᠭᠴᠢ ᠨᠢ ᠠᠵᠢᠯ᠂ ᠨᠡᠶᠢᠭᠡᠮ ᠤᠨ ᠪᠠᠲᠤᠯᠠᠭ᠎ᠠ᠂ ᠬᠡᠷ ᠬᠥᠷᠥᠩᠭᠡ ᠵᠡᠷᠭᠡ ᠪᠠᠶᠢᠳᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠣ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠥᠬᠡᠶ ᠪᠣᠯᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠬᠥᠮᠦᠨ ᠢ ᠪᠠᠶᠢᠴᠠᠭᠠᠨ ᠲᠤᠳᠤᠯᠠᠮᠠᠭᠴᠠ ᠮᠡᠳᠡᠭᠦᠯᠬᠦ ᠦᠭᠡᠢ ᠨᠢᠭᠤᠭᠰᠠᠨ ᠢᠶᠠᠷ ᠰᠢᠢᠳᠪᠦᠷᠢᠯᠡᠨ᠎ᠡ᠃      ᠠᠷᠪᠠᠨ ᠨᠠᠢᠮᠠᠳᠤᠭᠠᠷ ᠵᠦᠢᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ ᠪᠠ ᠦᠢᠯᠡᠴᠢᠯᠡᠬᠦ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠷᠪᠠ ᠶᠢᠰᠦᠳᠦᠭᠡᠷ ᠵᠦᠢᠯ ᠲᠤᠰ ᠠᠷᠭ᠎ᠠ ᠳᠤ ᠪᠡᠯᠡ ᠮᠥᠩᠭᠦ ᠶᠢᠨ ᠢᠷᠡᠯᠲᠡ ᠶᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ ᠤᠤᠯ ᠠᠷᠭ᠎ᠠ ᠵᠠᠮ ᠢᠶᠠᠷ ᠬᠡᠷᠡᠭᠵᠢᠭᠦᠯᠵᠦ᠂ ᠲᠤᠰ ᠠᠷᠭ᠎ᠠ ᠨᠢ ᠮᠠᠨ ᠤ ᠬᠤᠲᠠ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠲᠠᠢ ᠨᠢᠭᠡᠳᠦᠯ ᠦᠭᠡᠢ ᠪᠠᠶᠢᠪᠠᠯ᠂ ︽ᠥᠨᠳᠥᠷ ᠪᠠᠷᠢᠮᠵᠢᠶ᠎ᠠ ᠪᠠᠷ ᠬᠦᠷᠲᠡᠭᠡᠬᠦ ᠰᠢᠯᠢᠳᠡᠭ ᠶᠢ ᠨᠢ ᠰᠣᠩᠭᠤᠬᠤ ᠳᠠᠪᠬᠤᠷᠳᠠᠭᠤᠯᠬᠤ ᠦᠭᠡᠢ︾ ᠵᠠᠷᠴᠢᠮ ᠢᠶᠠᠷ ᠬᠡᠷᠡᠭᠵᠢᠭᠦᠯᠵᠦ᠂ ᠪᠤᠰᠤᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠡᠷᠡᠭᠰᠡᠬᠦ ᠪᠡᠯᠡ ᠮᠥᠩᠭᠦ ᠶᠢ ᠬᠤᠲᠠ ᠶᠢᠨ ᠴᠢᠳᠠᠪᠤᠷᠢᠲᠠᠨ ᠤ ᠲᠤᠰᠬᠠᠶ ᠪᠡᠯᠡ ᠮᠥᠩᠭᠦ ᠠᠴᠠ ᠭᠠᠷᠭᠠᠨ᠎ᠠ᠃      ᠬᠤᠷᠢᠳᠤᠭᠠᠷ ᠵᠦᠢᠯ ᠲᠣᠰ ᠠᠷᠭ᠎ᠠ ᠶᠢ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶      ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ      ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶      ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ᠂ ᠤᠯᠤᠰ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ ᠣᠷᠣᠨ ᠨᠤᠲᠤᠭ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ ᠣᠷᠣᠨ ᠨᠤᠲᠤᠭ ᠤᠨ ᠲᠠᠰ ᠤᠨ ᠳᠡᠭᠡᠳᠦ ᠲᠠᠰ ᠤᠨ ᠴᠢᠳᠠᠪᠤᠷᠢᠲᠠᠨ ᠵᠡᠷᠭᠡ 4 ᠲᠠᠰ ᠳᠠᠪᠬᠤᠷᠭ᠎ᠠ ᠪᠠᠷ ᠲᠦᠷᠥᠯ ᠬᠤᠪᠢᠶᠠᠨ᠎ᠠ᠃      ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ᠃ ᠡᠭᠦᠨ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠦᠷᠲᠡᠭᠴᠢ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ︔ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ︔ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠭᠡᠰᠢᠭᠦᠨ᠂ ᠡᠷᠳᠡᠮ ᠰᠢᠨᠵᠢᠯᠡᠭᠡᠨ ᠤ ᠨᠡᠷ᠎ᠡ ᠬᠦᠨᠳᠦᠲᠦ ᠭᠡᠰᠢᠭᠦᠨ︔ ᠤᠯᠤᠰ ᠤᠨ ︽ᠭᠠᠳᠠᠭᠠᠳᠤ ᠳᠠᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠶᠢᠨ ᠣᠷᠦ᠋ᠢᠯᠠᠭᠰᠠᠨ ᠴᠢᠳᠠᠪᠤᠷᠢᠲᠠᠨ︔ ᠣᠶᠢᠷ᠎ᠠ ᠶᠢᠨ 5 ᠵᠢᠯ ᠳᠤ ᠳᠡᠯᠡᠬᠡᠶ ᠶᠢᠨ 500 ᠬᠦᠴᠦᠷᠬᠡᠭ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠲᠡᠷᠢᠭᠦᠨ ᠭᠦᠢᠴᠡᠳᠬᠡᠭᠴᠢ ᠲᠤᠰᠢᠶᠠᠯᠲᠠᠨ᠂ ᠲᠡᠷᠢᠭᠦᠨ ᠡᠵᠡᠩᠨᠡᠯᠲᠡ ᠶᠢᠨ ᠲᠤᠰᠢᠶᠠᠯᠲᠠᠨ᠂ ᠲᠡᠷᠢᠭᠦᠨ ᠮᠡᠷᠭᠡᠵᠢᠯ ᠤᠨ ᠲᠤᠰᠢᠶᠠᠯᠲᠠᠨ ᠤ ᠲᠤᠰᠢᠶᠠᠯ ᠢ ᠡᠭᠦᠷᠭᠡᠯᠡᠵᠦ ᠪᠠᠶᠢᠭᠰᠠᠨ︔ ᠵᠢᠴᠢ ᠳᠡᠭᠡᠷ᠎ᠡ ᠳᠤᠷᠠᠳᠤᠭᠰᠠᠨ ᠳᠠᠪᠬᠤᠷᠭ᠎ᠠ ᠲᠠᠢ ᠲᠡᠩᠴᠡᠬᠦ ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ ᠢ ᠪᠠᠭᠲᠠᠭᠠᠨ᠎ᠠ᠃      ᠤᠯᠤᠰ ᠤᠨ ᠲᠡᠰ ᠤᠨ ᠲᠠᠭᠠᠭᠤᠯᠤᠬᠴᠢ ᠴᠢᠳᠠᠪᠤᠷᠢᠲᠠᠨ᠃ ᠡᠭᠦᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠰᠢᠯᠢᠨ ᠰᠣᠩᠭᠤᠬᠤ ᠳᠤ ᠣᠷᠣᠯᠴᠠᠬᠤ ᠬᠦᠴᠦᠨ ᠲᠠᠢ ᠵᠢᠱᠢᠭᠳᠡᠭᠴᠢ︔ ᠤᠯᠤᠰ ᠤᠨ ︽ᠭᠠᠳᠠᠭᠠᠳᠤ ᠳᠠᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠳᠤ ᠰᠣᠩᠭᠤᠭᠳᠠᠭᠰᠠᠳ ︵ᠵᠠᠯᠠᠭᠤᠴᠤᠳ ᠤᠨ ᠲᠥᠷᠥᠯ ᠵᠦᠢᠯ ᠠᠴᠠ ᠭᠠᠳᠠᠨ᠎ᠠ︶︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠤᠨ ᠲᠦᠷᠦᠭᠦᠤ 5 ᠪᠡᠶᠡᠯᠡᠭᠦᠯᠦᠭᠴᠢ︔ ᠣᠶᠢᠷ᠎ᠠ ᠶᠢᠨ 5 ᠵᠢᠯ ᠳᠤ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ ᠤᠨ ᠶᠡᠷᠦᠩᠬᠡᠶ ᠬᠡᠯᠲᠡᠰ ᠤᠨ ᠳᠡᠭᠡᠳᠦ ᠲᠠᠰ ᠤᠨ ᠬᠠᠮᠢᠶᠠᠷᠤᠯᠲᠠ ᠶᠢᠨ ᠠᠵᠢᠯᠲᠠᠨ ᠪᠤᠶᠤ ᠮᠡᠷᠭᠡᠵᠢᠯ ᠤᠨ ᠰᠤᠳᠤᠯᠭᠠᠨ ᠤ ᠭᠤᠤᠯ ᠪᠦᠷᠢᠯᠳᠦᠬᠦᠨ ᠤ ᠲᠤᠰᠢᠶᠠᠯ ᠢ ᠡᠭᠦᠷᠭᠡᠯᠡᠭᠰᠡᠨ︔ ᠣᠶᠢᠷ᠎ᠠ ᠶᠢᠨ 5 ᠵᠢᠯ ᠳᠤ ᠳᠡᠯᠡᠬᠡᠶ ᠶᠢᠨ 500 ᠬᠦᠴᠦᠷᠬᠡᠭ ᠠᠵᠤ ᠠᠬᠤᠶᠢᠯᠠᠯ ᠤᠨ ᠭᠠᠵᠠᠷ ᠣᠷᠣᠨ ᠤ ᠶᠡᠷᠦᠩᠬᠡᠶ ᠬᠡᠯᠲᠡᠰ ᠤᠨ ᠳᠡᠭᠡᠳᠦ ᠲᠠᠰ ᠤᠨ ᠬᠠᠮᠢᠶᠠᠷᠤᠯᠲᠠ ᠶᠢᠨ ᠠᠵᠢᠯᠲᠠᠨ ᠪᠤᠶᠤ ᠮᠡᠷᠭᠡᠵᠢᠯ ᠤᠨ ᠰᠤᠳᠤᠯᠭᠠᠨ ᠤ ᠭᠤᠤᠯ ᠪᠦᠷᠢᠯᠳᠦᠬᠦᠨ ᠤ ᠲᠤᠰᠢᠶᠠᠯ ᠢ ᠡᠭᠦᠷᠭᠡᠯᠡᠭᠰᠡᠨ︔ ᠳᠤᠮᠳᠠᠳᠤ ᠤᠯᠤᠰ ᠤᠨ ᠵᠠᠰᠠᠭ ᠤᠨ ᠣᠷᠳᠣᠨ ᠤ ︽ᠨᠥᠬᠦᠷᠯᠡᠯ ᠱᠠᠩᠨᠠᠯ︾ ᠤᠨ ᠲᠤᠰᠬᠠᠶ ᠮᠡᠷᠭᠡᠵᠢᠯᠲᠡᠨ︔᡽ ᠣᠶᠢᠷ᠎ᠠ ᠶᠢᠨ ᠬᠤᠶᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠬᠦᠷᠲᠡᠭᠴᠢ ︵ᠲᠠᠮᠢᠷᠴᠢᠨ ᠵᠢᠴᠢ ᠭᠠᠭᠴᠠ ᠵᠦᠢᠯ ᠤᠨ ᠶᠡᠷᠦᠩᠬᠡᠶ ᠳᠠᠰᠬᠠᠯᠵᠢᠭᠤᠯᠤᠭᠴᠢ᠂ ᠭᠤᠣᠯ ᠳᠠᠰᠬᠠᠯᠵᠢᠭᠤᠯᠤᠭᠴᠢ ᠪᠠᠭᠲᠠᠨ᠎ᠠ︶︔ ᠵᠢᠴᠢ ᠳᠡᠭᠡᠷ᠎ᠡ ᠳᠤᠷᠠᠳᠤᠭᠰᠠᠨ ᠲᠠᠰ ᠳᠠᠪᠬᠤᠷᠭ᠎ᠠ ᠲᠠᠢ ᠲᠡᠩᠴᠡᠬᠦ ᠤᠯᠤᠰ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ ᠢ ᠪᠠᠭᠲᠠᠭᠠᠨ᠎ᠠ᠃      ᠣᠷᠣᠨ ᠨᠤᠲᠤᠭ ᠤᠨ ᠲᠡᠰ ᠤᠨ ᠲᠠᠭᠠᠭᠤᠯᠤᠬᠴᠢ ᠴᠢᠳᠠᠪᠤᠷᠢᠲᠠᠨ᠃ ᠡᠭᠦᠨ ᠳᠤ ᠤᠯᠤᠰ ᠤᠨ ︽ᠭᠠᠳᠠᠭᠠᠳᠤ ᠳᠠᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠶᠢᠨ ᠵᠠᠯᠠᠭᠤᠴᠤᠳ ᠤᠨ ᠲᠥᠷᠥᠯ ᠵᠦᠢᠯ ᠳᠤ ᠰᠣᠩᠭᠤᠭᠳᠠᠭᠰᠠᠳ︔ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠭᠤᠤᠯᠳᠠᠯᠭ᠎ᠠ ᠲᠠᠢ ᠲᠤᠰᠬᠠᠶ ᠵᠦᠢᠯ ᠤᠨ ᠡᠭᠦᠷᠭᠡ ︵ᠰᠡᠳᠦᠪ︶ ᠶᠢᠨ ᠬᠠᠷᠢᠭᠤᠴᠠᠯᠭᠠᠲᠠᠨ︔ ︽ᠬᠥᠬᠡ ᠮᠦᠷᠡᠨ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ ᠵᠠᠯᠠᠭᠤ ᠡᠷᠳᠡᠮᠲᠡᠨ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠰᠡᠳᠦᠪ ᠤᠨ ᠬᠦᠲᠦᠯᠦᠭᠴᠢ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠤᠨ ᠡᠮᠦᠨ᠎ᠡ 5 ᠨᠡᠷᠡᠰ︔ ᠪᠦᠬᠦ ᠤᠯᠤᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠷᠳᠡᠭᠰᠡᠳ︔ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠡᠮᠡᠭᠦᠷᠢ ᠶᠢ ᠬᠦᠷᠲᠡᠭᠴᠢ︔ ᠰᠤᠷᠭᠠᠨ ᠬᠥᠮᠦᠵᠢᠯ ᠤᠨ ᠶᠠᠮᠤᠨ ᠤ ︽ᠰᠢᠨ᠎ᠡ ᠵᠠᠭᠤᠨ ᠤ ᠰᠢᠯᠢᠳᠡᠭ ᠴᠢᠳᠠᠪᠤᠷᠢᠲᠠᠨ ᠢ ᠳᠡᠮᠵᠢᠬᠦ ᠲᠥᠯᠥᠪᠯᠡᠭᠡ︾ ᠳᠤ ᠰᠣᠩᠭᠤᠭᠳᠠᠭᠰᠠᠳ︔ ᠪᠦᠬᠦ ᠤᠯᠤᠰ ᠤᠨ ᠵᠢᠱᠢᠶᠡᠴᠢ ᠪᠠᠭᠰᠢ᠂ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠠᠵᠢᠯᠳᠡᠠ᠂ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠯᠢᠳᠡᠭ ᠠᠵᠢᠯᠳᠡᠠ︔ ᠤᠯᠤᠰ ᠤᠨ ᠲᠠᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠳᠠᠭᠠᠭᠤᠯᠤᠭᠴᠢ︔ ᠳᠡᠯᠡᠬᠡᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠤ ᠠᠯᠲᠠᠨ ᠮᠧᠳᠠᠯ᠂ ᠮᠥᠩᠭᠦᠨ ᠮᠧᠳᠠᠯ᠂ ᠭᠠᠤᠯᠢᠨ ᠮᠧᠳᠠᠯ ᠪᠠ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠤᠷ᠎ᠠ ᠮᠡᠷᠭᠡᠵᠢᠯ ᠤᠨ ᠤᠷᠤᠯᠳᠤᠭᠠᠨ ᠤ ᠲᠦᠷᠦᠭᠦᠤ ᠲᠠᠪᠤᠨ ᠨᠡᠷᠡᠰ ᠲᠤ ᠣᠷᠣᠭᠰᠠᠳ︔ ᠳᠤᠮᠳᠠᠳᠤ ᠶᠢᠨ ᠤᠷ᠎ᠠ ᠮᠡᠷᠭᠡᠵᠢᠯ ᠤᠨ ᠶᠡᠭᠡ ᠱᠠᠩᠨᠠᠯ ᠢ ᠬᠦᠷᠳᠡᠭᠴᠢ᠂ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ᠂ ᠤᠯᠤᠰ ᠤᠨ ᠲᠡᠰ ᠤᠨ ᠤᠷ᠎ᠠ ᠮᠡᠷᠭᠡᠵᠢᠯ ᠤᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠡᠷᠬᠢᠯᠡᠭᠴᠢ︔ ᠣᠶᠢᠷ᠎ᠠ ᠶᠢᠨ 5 ᠵᠢᠯ ᠳᠤ ᠳᠡᠯᠡᠬᠡᠶ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠠᠵᠤ ᠠᠬᠤᠶᠢᠯᠠᠯ ᠳᠤ ᠭᠠᠵᠠᠷ ᠣᠷᠣᠨ ᠤ ᠶᠡᠷᠦᠩᠬᠡᠶ ᠬᠡᠯᠲᠡᠰ ᠤᠨ ᠶᠡᠷᠦᠩᠬᠡᠶ ᠳᠠᠭᠠᠭᠠᠮᠠᠯ ︵ᠬᠡᠷᠡᠭ ᠮᠡᠳᠡᠭᠴᠢᠳ ᠤᠨ ᠳᠠᠷᠤᠭ᠎ᠠ︶᠂ ᠮᠡᠷᠭᠡᠵᠢᠯ ᠤᠨ ᠲᠦᠷᠦᠭᠦᠤ ᠲᠤᠰᠢᠶᠠᠯᠲᠠᠨ ᠤ ᠲᠤᠰᠢᠶᠠᠯ ᠢ ᠡᠭᠦᠷᠭᠡᠯᠡᠭᠰᠡᠨ︔ ᠮᠤᠵᠢ ᠶᠠᠮᠤᠨ ᠤ ᠲᠡᠰ ᠤᠨ ᠲᠤᠪᠦ᠋ᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ︔ ᠪᠥᠬᠦ ᠤᠯᠤᠰ ᠤᠨ ᠳᠡᠳ᠋ ᠮᠤᠵᠢ ᠶᠢᠨ ᠲᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠢᠨᠵᠧᠨᠧᠷᠢᠩ ᠳᠤ ᠰᠣᠩᠭᠤᠭᠳᠠᠭᠰᠠᠳ︔ ᠣᠶᠢᠷ᠎ᠠ ᠶᠢᠨ ᠬᠤᠶᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠮᠥᠩᠭᠦᠨ ᠮᠧᠳᠠᠯ᠂ ᠭᠠᠤᠯᠢᠨ ᠮᠧᠳᠠᠯ᠂ ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠂ ᠳᠡᠯᠡᠬᠡᠶ ᠶᠢᠨ ᠬᠤᠨᠳᠠᠭᠠᠲᠤ ᠤᠷᠤᠯᠳᠤᠭᠠᠨ ᠤ ᠡᠮᠦᠨ᠎ᠡ 3 ᠨᠡᠷᠡᠰ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠬᠦᠷᠲᠡᠭᠴᠢ ︵ᠲᠠᠮᠢᠷᠴᠢᠨ ᠵᠢᠴᠢ ᠭᠠᠭᠴᠠ ᠵᠦᠢᠯ ᠤᠨ ᠶᠡᠷᠦᠩᠬᠡᠶ ᠳᠠᠰᠬᠠᠯᠵᠢᠭᠤᠯᠤᠭᠴᠢ᠂ ᠭᠤᠤᠯ ᠳᠠᠰᠬᠠᠯᠵᠢᠭᠤᠯᠤᠭᠴᠢ ᠶᠢ ᠪᠠᠭᠲᠠᠭᠠᠨ᠎ᠠ︶︔ ᠵᠢᠴᠢ ᠳᠡᠭᠡᠷ᠎ᠡ ᠳᠤᠷᠠᠳᠤᠭᠰᠠᠨ ᠳᠠᠪᠬᠤᠷᠭ᠎ᠠ ᠲᠠᠢ ᠲᠡᠩᠴᠡᠬᠦ ᠳᠠᠭᠠᠭᠤᠯᠤᠭᠴᠢ ᠴᠢᠳᠠᠪᠤᠷᠢᠲᠠᠨ ᠢ ᠪᠠᠭᠲᠠᠭᠠᠨ᠎ᠠ᠃      ᠣᠷᠣᠨ ᠨᠤᠲᠤᠭ ᠤᠨ ᠲᠡᠰ ᠤᠨ ᠳᠡᠭᠡᠳᠦ ᠵᠡᠷᠭᠡ ᠶᠢᠨ ᠴᠢᠳᠠᠪᠣᠷᠢᠲᠠᠨ᠃ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠮᠠᠭᠠᠳᠯᠠᠨ ᠲᠣᠭᠲᠠᠭᠠᠭᠰᠠᠨ ᠪᠠᠴᠢᠮ ᠱᠠᠭᠠᠷᠳᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠠ ᠳᠡᠭᠡᠳᠦ ᠵᠡᠷᠭᠡ ᠶᠢᠨ ᠮᠠᠰᠲ᠋ᠧᠷ ᠴᠢᠳᠠᠪᠤᠷᠢᠲᠠᠨ᠃      ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠲᠥᠷᠥᠯ ᠬᠤᠪᠢᠶᠠᠭᠰᠠᠨ ᠭᠠᠷᠴᠠᠭ ᠲᠤ 2 ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠠ᠃ ᠳᠡᠭᠡᠷᠡᠬᠢ ᠳᠥᠷᠪᠡᠨ ᠲᠥᠷᠥᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ ᠪᠦᠷᠢᠯᠳᠦᠭᠦᠯᠦᠭᠰᠡᠨ᠂ ᠬᠠᠷᠠᠬᠠᠨ ᠲᠣᠳᠣᠷᠬᠠᠶᠢᠯᠠᠭᠠᠳᠤᠶ ᠪᠤᠰᠤᠳ ᠴᠢᠳᠠᠪᠤᠷᠢᠲᠠᠨ ᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠪᠠᠷ ᠳᠡᠮᠵᠢᠨ ᠮᠠᠭᠠᠳᠯᠠᠨ ᠲᠣᠭᠲᠠᠭᠠᠨ᠎ᠠ᠃                ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ                ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ                 ︵ᠲᠤᠷᠰᠢᠨ ᠬᠡᠷᠡᠭᠵᠢᠭᠦᠯᠬᠦ︶︶      ᠨᠢᠭᠡᠳᠦᠭᠡᠷ ᠵᠦᠢᠯ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ 10 ᠵᠦᠢᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠨᠠᠮ ᠲᠠᠷᠬᠠᠭᠠᠭᠰᠠᠨ ﹇2021﹈ 13 ᠳ᠋ᠤᠭᠠᠷ ᠲᠣᠭᠠᠲᠤ︶ ᠢ ᠦᠨᠳᠦᠰᠦᠯᠡᠵᠦ᠂ ᠮᠠᠨ ᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ᠂ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠷᠡᠭᠯᠡᠭᠡᠨ ᠤ ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ︽ᠴᠢᠳᠠᠪᠤᠷᠢᠲᠠᠨ ᠤ ᠨᠢᠰᠦᠯᠲᠡ ᠶᠢᠨ ᠭᠠᠵᠠᠷ ︾ ᠢ ᠪᠠᠶᠢᠭᠤᠯᠬᠤ ᠵᠢᠴᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠤᠨ ᠰᠣᠩᠭᠤᠬᠤ ᠨᠡᠶᠢᠲᠡ ᠲᠠᠪᠤᠨ ᠲᠥᠷᠥᠯ ᠤᠨ ᠴᠢᠳᠠᠪᠤᠷᠢᠲᠠᠨ ᠢ ᠳᠡᠮᠵᠢᠬᠦ ᠲᠥᠷᠥᠯ ᠵᠦᠢᠯ ᠳᠤ ᠲᠣᠰ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠨᠥᠬᠦᠴᠡᠯ᠄ ︽ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ︾ ᠲᠤ ᠲᠣᠭᠲᠠᠭᠠᠭᠰᠠᠨ ᠴᠢᠳᠠᠪᠤᠷᠢᠲᠠᠨ ᠤ ᠨᠥᠬᠦᠴᠡᠯ ᠢ ᠬᠠᠩᠭᠠᠵᠤ᠂ ᠬᠠᠲᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠮᠠᠨ ᠤ ᠬᠤᠲᠠ ᠳᠤ 3 ᠵᠢᠯ ᠠᠴᠠ ᠳᠡᠭᠡᠭᠰᠢ ᠬᠤᠭᠤᠴᠠᠭ᠎ᠠ ᠲᠠᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠬᠤ ᠪᠤᠶᠤ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠠᠶᠢᠬᠤ︔ ᠤᠶᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠮᠠᠨ ᠤ ᠬᠤᠲᠠ ᠶᠢᠨ ᠬᠥᠮᠦᠨ ᠬᠡᠷᠡᠭᠯᠡᠬᠦ ᠨᠢᠭᠡᠴᠡ ᠯᠦᠭᠡ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ᠂ ᠤᠷᠢᠨ ᠬᠡᠷᠡᠭᠯᠡᠬᠦ ᠵᠥᠪᠯᠡᠯᠴᠡᠭᠡᠷ᠂ ᠮᠡᠷᠭᠡᠵᠢᠯ ᠤᠨ ᠯᠠᠪᠯᠠᠭ᠎ᠠ ᠬᠢᠭᠡᠳ ᠦᠢᠯᠡᠴᠢᠯᠡᠭᠡᠨ ᠤ ᠭᠡᠷ᠎ᠡ ᠵᠡᠷᠭᠡ ᠳᠤ ᠭᠠᠷ ᠤᠨ ᠥᠰᠥᠭ ᠵᠢᠷᠣᠭᠰᠠᠨ ᠪᠠᠶᠢᠪᠠᠯ ᠵᠣᠬᠢᠨ᠎ᠠ᠃      ᠭᠤᠷᠪᠠᠳᠤᠭᠠᠷ ᠵᠦᠢᠯ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠤᠨ ᠳᠡᠮᠵᠢᠬᠦ ᠪᠠᠯᠠ ᠮᠥᠩᠭᠦ ᠶᠢᠨ ᠲᠤᠭ᠎ᠠ ᠵᠢᠴᠢ ᠬᠡᠷᠡᠭᠯᠡᠬᠦ ᠴᠢᠭᠯᠡᠯ᠄ ᠬᠠᠲᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠭᠤᠤᠯᠯᠠᠬᠤ ᠮᠡᠷᠭᠡᠵᠢᠯ ᠪᠠ ᠠᠵᠤ ᠦᠢᠯᠡᠰ ᠤᠨ ᠪᠣᠭᠤᠮᠢ ᠶᠢᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠴᠢᠳᠠᠪᠤᠷᠢᠲᠠᠨ ︵ᠪᠦᠯᠬᠦᠮ ᠨᠡᠶᠢᠲᠡ︶ ᠤ ᠲᠥᠷᠥᠯ ᠵᠦᠢᠯ ᠳᠤ ᠬᠢᠨᠠᠨ ᠲᠣᠭᠲᠠᠭᠠᠬᠤ ᠪᠠ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠭᠰᠠᠨ ᠤ ᠳᠠᠷᠠᠭ᠎ᠠ 1000 ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠲᠤᠰᠠᠯᠠᠮᠵᠢ ᠣᠯᠭᠤᠬᠤ ᠶᠢᠨ ᠬᠠᠮᠲᠤ᠂ ᠬᠠᠲᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠳᠠᠭᠠᠭᠤᠯᠤᠭᠴᠢ ᠴᠢᠳᠠᠪᠤᠷᠢᠲᠠᠨ ᠳᠤ ᠲᠥᠷᠥᠯ ᠵᠦᠢᠯ ᠤᠨ ᠪᠠᠯᠠ ᠮᠥᠩᠭᠦ ᠠᠴᠠ 200 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠠᠮᠵᠢᠯᠲᠠ ᠪᠦᠲᠦᠮᠵᠢ ᠶᠢᠨ ᠵᠠᠷᠤᠯᠭ᠎ᠠ ᠭᠠᠷᠭᠠᠨ ᠬᠤᠪᠢ ᠬᠥᠮᠦᠨ ᠢ ᠱᠠᠩᠨᠠᠵᠤ ᠪᠣᠯᠤᠨ᠎ᠠ᠃ ᠬᠥᠮᠦᠨ ᠬᠡᠷᠡᠭᠯᠡᠬᠦ ᠨᠢᠭᠡᠴᠡ ᠶᠢᠨ ᠤᠶᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︵ᠪᠦᠯᠬᠦᠮ ᠨᠡᠶᠢᠲᠡ︶ ᠤ ᠮᠡᠳᠡᠭᠦᠯᠦᠭᠰᠡᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ᠂ ᠬᠢᠨᠠᠨ ᠲᠣᠭᠲᠠᠭᠠᠬᠤ ᠪᠠᠷ ᠳᠡᠮᠵᠢᠨ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠲᠥᠷᠥᠯ ᠵᠦᠢᠯ ᠤᠨ ᠲᠤᠰᠠᠯᠠᠮᠵᠢ ᠣᠯᠭᠤᠬᠤ ᠶᠢᠨ ᠬᠠᠮᠲᠤ ᠲᠥᠷᠥᠯ ᠵᠦᠢᠯ ᠤᠨ ᠤᠶᠠᠨ ᠴᠢᠨᠠᠷ  ᠲᠠᠢ ᠣᠷᠣᠭᠤᠯᠤᠨ ᠠᠪᠴᠢᠷᠠᠭᠰᠠᠨ ᠴᠢᠳᠠᠪᠤᠷᠢᠲᠠᠨ ︵ᠪᠦᠯᠬᠦᠮ ᠨᠡᠶᠢᠲᠡ︶ ᠳᠤ᠂ ᠲᠥᠷᠥᠯ ᠵᠦᠢᠯ ᠤᠨ ᠪᠠᠯᠠ ᠮᠥᠩᠭᠦ ᠠᠴᠠ 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠭᠠᠷᠭᠠᠨ ᠬᠤᠪᠢ ᠬᠥᠮᠦᠨ ︵ᠪᠦᠯᠬᠦᠮ ᠨᠡᠶᠢᠲᠡ︶ ᠢ ᠱᠠᠩᠨᠠᠵᠤ ᠪᠣᠯᠤᠨ᠎ᠠ᠃      ᠳᠥᠷᠪᠡᠳᠦᠭᠡᠷ ᠵᠦᠢᠯ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠭᠤᠶᠤᠴᠢᠯᠠᠨ ᠮᠡᠳᠡᠭᠦᠯᠬᠦ ᠨᠥᠬᠦᠴᠡᠯ᠄ ᠠᠵᠤ ᠠᠬᠤᠶᠢᠯᠠᠯ᠂ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠨᠢᠭᠡᠴᠡ ᠵᠡᠷᠭᠡ ᠶᠢᠨ ᠳᠡᠯᠭᠡᠷᠡᠭᠦᠯᠬᠦ ᠳᠤ ᠬᠡᠷᠡᠭᠯᠡᠬᠦ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ︵ᠳᠣᠷᠣᠭᠰᠢ ᠬᠤᠯᠪᠣᠭᠠᠲᠤ ᠴᠣᠭᠴᠠ ᠭᠡᠵᠦ ᠲᠣᠪᠴᠢᠯᠠᠨ᠎ᠠ︶ ᠳᠤ᠂ ᠬᠤᠯᠪᠣᠭᠠᠲᠤ ᠴᠣᠭᠴᠠ ᠶᠢᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠶᠢ ᠵᠣᠷᠢᠭᠵᠢᠭᠤᠯᠤᠨ᠎ᠠ︔ ᠬᠤᠯᠪᠣᠭᠠᠲᠤ ᠴᠣᠭᠴᠠ ᠶᠢᠨ ᠪᠦᠷᠢᠯᠳᠦᠬᠦᠨ ᠢ 5 ᠠᠴᠠ ᠳᠤᠲᠠᠭᠤ ᠦᠭᠡᠢ ᠪᠠᠶᠢᠯᠭᠠᠵᠤ᠂ ᠭᠤᠷᠪᠠᠨ ᠵᠢᠯ ᠠᠴᠠ ᠳᠤᠲᠠᠭᠤ ᠦᠭᠡᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠨ᠎ᠠ︔ ᠬᠥᠬᠡᠬᠤᠲᠠ ᠳᠤ ᠪᠠᠶᠢᠭ᠎ᠠ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠨᠢᠭᠡᠨ ᠬᠤᠯᠪᠣᠭᠠᠲᠤ ᠴᠣᠭᠴᠠ ᠶᠢᠨ ᠲᠦᠷᠦᠭᠦᠯᠡᠬᠦ ᠨᠢᠭᠡᠴᠡ ︵ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠨᠢᠭᠡᠴᠡ︶ ᠶᠢ ᠲᠣᠭᠲᠠᠭᠠᠵᠤ ᠭᠤᠶᠤᠴᠢᠯᠠᠨ ᠮᠡᠳᠡᠭᠦᠯᠬᠦ ᠴᠢᠬᠤᠯᠠᠲᠠᠶ᠃      ᠲᠠᠪᠤᠳᠤᠭᠠᠷ ᠵᠦᠢᠯ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠳᠡᠮᠵᠢᠬᠦ ᠪᠠᠯᠠ ᠮᠥᠩᠭᠦ ᠶᠢᠨ ᠲᠤᠭ᠎ᠠ ᠵᠢᠴᠢ ᠬᠡᠷᠡᠭᠯᠡᠬᠦ ᠴᠢᠭᠯᠡᠯ᠄ ᠬᠢᠨᠠᠨ ᠲᠣᠭᠲᠠᠭᠠᠭᠰᠠᠨ ᠤ ᠳᠠᠷᠠᠭ᠎ᠠ ᠳᠡᠮᠵᠢᠨ ᠪᠥᠲᠥᠭᠡᠨ ᠪᠠᠶᠢᠭᠤᠯᠤᠭᠰᠠᠨ ᠬᠤᠯᠪᠣᠭᠠᠲᠤ ᠴᠣᠭᠴᠠ ᠨᠢᠭᠡᠪᠦᠷᠢ ᠳᠤ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠣᠯᠭᠤᠵᠤ᠂ ᠵᠠᠷᠤᠳᠠᠯ ᠢ ᠭᠤᠤᠯᠳᠠᠭᠤ ᠬᠤᠯᠪᠣᠭᠠᠲᠤ ᠴᠣᠭᠴᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠵᠢᠴᠢ ᠠᠵᠤ ᠦᠶᠯᠡᠰᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠰᠤᠳᠤᠯᠤᠨ ᠨᠡᠭᠡᠭᠡᠬᠦ ᠦᠢᠯᠡᠴᠢᠯᠡᠭᠡᠨ ᠤ ᠲᠠᠪᠴᠠᠩ ᠢ ᠪᠥᠲᠥᠭᠡᠨ ᠪᠠᠶᠢᠭᠤᠯᠬᠤ ᠵᠡᠷᠭᠡ ᠰᠢᠨ᠎ᠡ ᠶᠢ ᠡᠭᠦᠳᠬᠦ ᠠᠵᠢᠯᠯᠠᠭ᠎ᠠ ᠳᠤ ᠬᠡᠷᠡᠭᠯᠡᠨ᠎ᠡ᠃      ᠵᠢᠷᠭᠤᠳᠤᠭᠠᠷ ᠵᠦᠢᠯ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠮᠡᠳᠡᠭᠦᠯᠬᠦ ᠨᠥᠬᠦᠴᠡᠯ᠄ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠲᠠᠢ ᠬᠠᠮᠲᠤᠷᠠᠨ ᠪᠠᠶᠢᠭᠤᠯᠤᠭᠰᠠᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ︵ᠳᠣᠷᠣᠭᠰᠢ ︽ᠰᠤᠳᠤᠯᠭᠠᠨ ᠤ ᠬᠦᠷᠢᠶᠡᠯᠡᠩ︾ ᠭᠡᠵᠦ ᠲᠣᠪᠴᠢᠯᠠᠨ᠎ᠠ︶᠂ ᠬᠥᠬᠡᠬᠤᠲᠠ ᠳᠤ ᠪᠠᠶᠢᠭ᠎ᠠ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠭᠠᠶᠢᠯᠢ ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ ᠪᠠᠶᠢᠬᠤ︔ ᠰᠤᠳᠤᠯᠭᠠᠨ ᠤ ᠬᠦᠷᠢᠶᠡᠯᠡᠩ ᠠᠴᠠ ᠬᠥᠬᠡᠬᠤᠲᠠ ᠳᠤ ᠲᠣᠮᠢᠯᠠᠨ ᠰᠠᠭᠤᠯᠭᠠᠭᠰᠠᠨ ᠰᠤᠳᠤᠯᠤᠨ ᠨᠡᠭᠡᠭᠡᠬᠦ ᠠᠵᠢᠯᠲᠠᠨ ᠨᠢ ᠵᠠᠷᠴᠢᠮ ᠳᠡᠭᠡᠷ᠎ᠡ ᠪᠠᠨ ᠲᠡᠭᠦᠨ ᠤ ᠪᠥᠬᠦ ᠬᠥᠮᠦᠨ ᠤ ᠲᠣᠭᠠᠨ ᠤ 1/4 ᠠᠴᠠ ᠳᠤᠲᠠᠭᠤ ᠪᠠᠶᠢᠵᠤ ᠪᠣᠯᠬᠤ ᠥᠬᠡᠶ ᠪᠥᠭᠡᠳ 80% ᠠᠴᠠ ᠳᠡᠭᠡᠭᠰᠢᠬᠢ ᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠤᠶᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠣᠯᠠ ᠲᠠᠢ︔ ᠰᠤᠳᠤᠯᠭᠠᠨ ᠤ ᠬᠦᠷᠢᠶᠡᠯᠡᠩ ᠤᠨ ᠬᠠᠮᠲᠤᠷᠠᠯᠴᠠᠭᠠᠨ ᠤ ᠬᠤᠭᠤᠴᠠᠭᠠᠨ ᠳᠤ ᠠᠳᠠᠭ ᠲᠠᠭᠠᠨ 15 ᠵᠦᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠠᠵᠤ ᠦᠢᠯᠡᠰᠵᠢᠭᠦᠯᠵᠦ᠂ 10 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠣᠭᠰᠠᠨ ᠪᠠᠶᠢᠬᠤ ᠬᠡᠷᠡᠭᠲᠡᠢ᠃      ᠳᠣᠯᠣᠳᠤᠭᠠᠷ ᠵᠦᠢᠯ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠳᠡᠮᠵᠢᠬᠦ ᠪᠠᠯᠠ ᠮᠥᠩᠭᠦ ᠶᠢᠨ ᠲᠤᠭ᠎ᠠ ᠵᠢᠴᠢ ᠬᠡᠷᠡᠭᠯᠡᠬᠦ ᠴᠢᠭᠯᠡᠯ᠄ ᠰᠤᠳᠤᠯᠭᠠᠨ ᠤ ᠬᠦᠷᠢᠶᠡᠯᠡᠩ ᠤᠨ ᠰᠤᠳᠤᠯᠤᠨ ᠨᠡᠭᠡᠭᠡᠬᠦ ᠠᠵᠢᠯ ᠤᠨ ᠲᠠᠯᠠᠪᠤᠷ ᠭᠠᠵᠠᠷ ᠬᠢᠭᠡᠳ ᠬᠠᠮᠲᠤᠷᠠᠯᠴᠠᠬᠤ ᠬᠤᠭᠤᠴᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠤᠨ ᠲᠤᠭ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃ ᠬᠠᠮᠲᠤᠷᠠᠯᠴᠠᠬᠤ ᠬᠤᠭᠤᠴᠠᠭᠠᠨ ᠳᠤ ᠰᠤᠳᠤᠯᠤᠨ ᠨᠡᠭᠡᠭᠡᠬᠦ ᠲᠠᠯᠠᠪᠤᠷ ᠭᠠᠵᠠᠷ ᠪᠠ ᠠᠵᠤ ᠠᠬᠤᠶᠢᠯᠠᠯ ᠤᠨ ᠠᠵᠢᠯᠯᠠᠬᠤ ᠲᠠᠯᠠᠪᠤᠷ ᠭᠠᠵᠠᠷ ᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ᠂ ᠵᠢᠯ ᠪᠦᠷᠢ ᠬᠠᠮᠤᠭ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠡᠳᠬᠦᠨ ᠳᠡᠮᠵᠢᠬᠦ ᠵᠠᠷᠤᠳᠠᠯ ᠣᠯᠭᠤᠨ᠎ᠠ᠃      ᠨᠠᠢᠮᠠᠳᠤᠭᠠᠷ ᠵᠦᠢᠯ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠭᠤᠶᠤᠴᠢᠯᠠᠨ ᠮᠡᠳᠡᠭᠦᠯᠬᠦ ᠨᠥᠬᠦᠴᠡᠯ᠄ ᠣᠷᠣᠨ ᠤ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠡᠶ᠎ᠡ ᠪᠠᠨ ᠳᠠᠭᠠᠭᠠᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠬᠡᠯᠪᠡᠷᠢ ᠶᠢᠨ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠣᠷᠣᠨ ᠤ ᠳᠤᠲᠤᠨ᠎ᠠ ᠭᠠᠳᠠᠨᠠᠬᠢ ᠠᠵᠤ ᠠᠬᠤᠶᠢᠯᠠᠯ ᠢ ᠪᠠᠶᠢᠭᠤᠯᠤᠭᠰᠠᠨ ᠪᠠᠶᠢᠬᠤ︔ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠪᠠᠶᠢᠭᠤᠯᠤᠭᠠᠳ ᠪᠦᠬᠦᠯᠢ 1 ᠵᠢᠯ ᠪᠣᠯᠵᠣ᠂ ᠲᠣᠭᠲᠠᠮᠠᠯ ᠠᠯᠪᠠᠯᠠᠬᠤ ᠲᠠᠯᠠᠪᠤᠷ ᠲᠠᠢ᠂ ᠲᠣᠭᠲᠠᠪᠤᠷᠢᠲᠠᠶ ᠵᠠᠷᠤᠳᠠᠯ ᠤᠨ ᠢᠷᠡᠯᠲᠡ ᠪᠠ ᠪᠦᠯᠬᠦᠮ ᠨᠡᠶᠢᠲᠡ ᠲᠠᠢ᠂ ᠮᠠᠨ ᠤ ᠬᠤᠲᠠ ᠶᠢᠨ ᠠᠵᠤ ᠦᠢᠯᠡᠰ ᠲᠠᠢ ᠬᠤᠯᠪᠣᠭ᠎ᠠ ᠲᠠᠢ ᠨᠡᠪᠴᠢᠭᠦᠯᠬᠦ ᠲᠥᠷᠥᠯ ᠵᠦᠢᠯ ᠪᠠ ᠦᠷ᠎ᠡ ᠪᠦᠲᠦᠭᠡᠯ ᠲᠠᠢ ᠪᠠᠶᠢᠵᠤ᠂ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠ ᠲᠥᠷᠥᠯ ᠵᠦᠢᠯ ᠢ ᠬᠥᠬᠡᠬᠤᠲᠠ ᠳᠤ  ᠤᠯᠠᠷᠢᠭᠤᠯᠤᠭᠰᠠᠨ ᠪᠠᠶᠢᠬᠤ ᠬᠡᠷᠡᠭᠲᠡᠢ᠃      ᠶᠢᠰᠦᠳᠦᠭᠡᠷ ᠵᠦᠢᠯ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠳᠡᠮᠵᠢᠬᠦ ᠪᠠᠯᠠ ᠮᠥᠩᠭᠦ ᠶᠢᠨ ᠲᠤᠭ᠎ᠠ ᠵᠢᠴᠢ ᠬᠡᠷᠡᠭᠯᠡᠬᠦ ᠴᠢᠭᠯᠡᠯ᠄ ᠬᠥᠬᠡᠬᠤᠲᠠ ᠳᠤ ᠤᠯᠠᠷᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠦᠨᠳᠦᠰᠦᠯᠡᠨ᠂ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠪᠠᠶᠢᠭᠤᠯᠬᠤ ᠨᠢᠭᠡᠴᠡ ᠳᠤ 50 — 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠱᠠᠩᠨᠠᠯ ᠤᠨ ᠵᠠᠷᠤᠳᠠᠯ ᠢ ᠪᠠᠶᠢᠭᠤᠯᠤᠭᠰᠠᠨ ᠨᠢᠭᠡᠴᠡ ᠠᠴᠠ ᠪᠡᠶ᠎ᠡ ᠪᠠᠨ ᠳᠠᠭᠠᠭᠠᠨ ᠨᠢᠭᠡᠳᠦᠯᠲᠡᠶ ᠲᠥᠯᠥᠪᠯᠡᠵᠦ ᠪᠠᠶᠢᠭᠠᠳ ᠪᠦᠯᠬᠦᠮ ᠨᠡᠶᠢᠲᠡ ᠶᠢᠨ ᠪᠠᠶᠢᠭᠤᠯᠤᠯᠲᠠ᠂ ᠠᠵᠢᠯᠲᠠᠨ ᠢ ᠤᠷᠮᠠᠰᠢᠭᠤᠯᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠵᠡᠷᠭᠡ ᠲᠠᠯ᠎ᠠ ᠶᠢᠨ ᠵᠠᠷᠤᠯᠭ᠎ᠠ ᠳᠤ ᠬᠡᠷᠡᠭᠯᠡᠨ᠎ᠡ᠃      ᠬᠥᠬᠡᠬᠤᠲᠠ ᠳᠤ ᠳᠠᠩᠰᠠᠯᠠᠭᠤᠯᠤᠭᠰᠠᠨ ᠪᠠᠶᠢᠭᠤᠯᠬᠤ ᠨᠢᠭᠡᠴᠡ ᠨᠢ ᠮᠠᠨ ᠤ ᠬᠤᠲᠠ ᠳᠤ ᠰᠢᠯᠵᠢᠭᠦᠯᠦᠨ  ᠣᠯᠠᠷᠢᠭᠤᠯᠤᠭᠰᠠᠨ ᠪᠥᠭᠡᠳ ᠵᠢᠯ ᠤᠨ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠲᠤ ᠬᠦᠷᠦᠭᠰᠡᠨ ᠪᠣᠯ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠤᠯᠠᠷᠢᠭᠤᠯᠤᠯᠲᠠ ᠨᠢ ᠮᠠᠨ ᠤ ᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1 ᠰᠢᠨ᠎ᠡ ᠪᠠᠷ ᠨᠡᠮᠡᠭᠳᠡᠭᠦᠯᠬᠦ ᠪᠦᠷᠢ ᠳᠠᠬᠢᠨ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠬᠥᠬᠡᠬᠤᠲᠠ ᠳᠤ ᠳᠠᠩᠰᠠᠯᠠᠭᠤᠯᠤᠭᠰᠠᠨ ᠥᠬᠡᠶ ᠪᠠᠶᠢᠭᠤᠯᠬᠤ ᠨᠢᠭᠡᠴᠡ ᠨᠢ ᠮᠠᠨ ᠤ ᠬᠤᠲᠠ ᠳᠤ ᠰᠢᠨ᠎ᠡ ᠪᠠᠷ ᠡᠭᠦᠳᠦᠨ ᠪᠠᠶᠢᠭᠤᠯᠤᠭᠰᠠᠨ 5 ︵ᠪᠠᠭᠲᠠᠨ᠎ᠠ︶ ᠠᠴᠠ ᠳᠡᠭᠡᠭᠰᠢᠬᠢ ᠠᠵᠤ ᠠᠬᠤᠶᠢᠯᠠᠯ ᠤᠨ ᠤᠯᠠᠷᠢᠭᠤᠯᠤᠯᠲᠠ ᠶᠢ ᠠᠬᠢᠭᠤᠯᠤᠭᠰᠠᠨ ᠮᠥᠷᠲᠡᠭᠡᠨ ᠤᠯᠠᠷᠢᠭᠤᠯᠤᠭᠰᠠᠨ ᠠᠵᠤ ᠠᠬᠤᠶᠢᠯᠠᠯ ᠤᠨ ᠵᠢᠯ ᠤᠨ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠲᠤ  ᠬᠦᠷᠦᠭᠰᠡᠨ ᠪᠣᠯ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠤᠯᠠᠷᠢᠭᠤᠯᠤᠯᠲᠠ ᠨᠢ ᠮᠠᠨ ᠤ ᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1 ᠰᠢᠨ᠎ᠡ ᠪᠠᠷ ᠨᠡᠮᠡᠭᠳᠡᠭᠦᠯᠬᠦ ᠪᠦᠷᠢ ᠳᠤ ᠳᠠᠬᠢᠨ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠬᠤᠳᠠ ᠶᠢᠨ ᠵᠠᠰᠠᠭ ᠤᠨ ᠣᠷᠳᠣᠨ ᠠᠴᠠ ᠪᠡᠯᠡ ᠭᠠᠷᠭᠠᠵᠤ ᠪᠠᠶᠢᠭᠤᠯᠤᠭᠰᠠᠨ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠲᠤ ᠬᠤᠳᠠ ᠶᠢᠨ ᠡᠳ᠋ ᠤᠨ ᠵᠠᠰᠠᠭ ᠠᠴᠠ ᠪᠣᠳᠠᠲᠠᠶ ᠣᠷᠣᠭᠤᠯᠤᠯᠲᠠ ᠶᠢ ᠨᠢ ᠦᠨᠳᠦᠰᠦᠯᠡᠨ ᠪᠡᠯᠡ ᠮᠥᠩᠭᠦᠨ ᠤ ᠲᠥᠰᠦᠪ ᠤᠨ ᠲᠤᠭᠢᠷᠡᠭᠤᠯᠤᠯᠳᠡ ᠬᠢᠨ᠎ᠠ᠃      ᠠᠷᠪᠠᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠰᠢᠯᠭᠠᠷᠠᠭᠤᠯᠬᠤ ᠪᠠᠷ ᠭᠤᠶᠤᠴᠢᠯᠠᠬᠤ ᠨᠥᠬᠦᠴᠡᠯ᠄ ᠴᠢᠳᠠᠪᠤᠷᠢᠲᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠠᠭᠲᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤᠢᠢᠷ᠎ᠠ ᠶᠢᠨ ᠭᠤᠷᠪᠠᠨ ᠵᠢᠯ ᠳᠤ ᠵᠣᠬᠢᠬᠤ ᠬᠡᠮᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠣᠯᠪᠠᠯ ᠵᠣᠬᠢᠨ᠎ᠠ᠂ ᠲᠡᠭᠦᠨ ᠤ ᠦᠷ᠎ᠡ ᠪᠦᠲᠦᠭᠡᠯ ᠨᠢ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠲᠠᠢ︔ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠣᠲᠣᠷᠠᠬᠢ ᠪᠠᠶᠢᠭᠠᠯᠢ ᠬᠥᠮᠦᠨ ᠬᠤᠪᠢ ᠣᠷᠣᠭᠤᠯᠤᠭᠴᠢ ᠪᠠᠶᠢᠬᠤ ᠬᠡᠷᠡᠭᠲᠡᠶ᠂ ᠲᠡᠳᠡᠨ ᠤ ᠠᠳᠠᠯ ᠦᠢᠯᠡᠰ ᠴᠣᠭᠴᠠᠯᠠᠬᠤ ᠨᠢ ᠵᠣᠬᠢᠬᠤ ᠦᠷ᠎ᠡ ᠪᠦᠲᠦᠮᠵᠢ ᠲᠠᠢ ᠪᠠᠶᠢᠵᠤ᠂ ᠴᠢᠳᠠᠪᠤᠷᠢᠲᠠᠨ ᠤ ᠬᠠᠷᠢᠶ᠎ᠠ ᠠᠵᠤ ᠠᠬᠤᠶᠢᠯᠠᠯ ᠨᠢ ᠡᠷᠬᠡᠪᠰᠢ ᠨᠢᠭᠡ ᠵᠢᠯ ᠠᠴᠠ ᠳᠡᠭᠡᠭᠰᠢ ᠪᠠᠶᠢᠭᠤᠯᠤᠭᠳᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠳᠠᠩᠰᠠᠯᠠᠭᠤᠯᠬᠤ᠂ ᠭᠠᠶᠢᠯᠢ ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ ᠪᠠᠶᠢᠵᠤ᠂ ᠵᠢᠯ ᠤᠨ ᠪᠣᠳᠠᠲᠠᠶ ᠲᠤᠰᠢᠶᠠᠭᠰᠠᠨ ᠭᠠᠶᠢᠯᠢ ᠲᠠᠲᠠᠪᠤᠷᠢ ᠨᠢ ᠳᠤᠮᠳᠠᠴᠢ ᠪᠠᠷ 50 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠠᠵᠤ ᠠᠬᠤᠶ ᠨᠡᠶᠢᠭᠡᠮ ᠤᠨ ᠦᠷ᠎ᠡ ᠠᠰᠢᠭ ᠢᠶᠠᠷ ᠰᠠᠶᠢᠨ ᠪᠠᠶᠢᠬᠤ ᠬᠡᠷᠡᠭᠲᠡᠶ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠰᠢᠯᠭᠠᠷᠠᠭᠤᠯᠬᠤ ᠭᠤᠶᠤᠴᠢᠯᠠᠨ ᠮᠡᠳᠡᠭᠦᠯᠬᠦ ᠨᠥᠬᠦᠴᠡᠯ᠄ ᠪᠦᠯᠬᠦᠮ ᠨᠡᠶᠢᠲᠡ ᠳᠤ 1 ᠪᠦᠯᠬᠦᠮ ᠨᠡᠶᠢᠲᠡ ᠶᠢᠨ ᠳᠠᠭᠠᠭᠤᠯᠤᠭᠴᠢ ᠪᠠ ᠨᠠᠭᠠᠳᠤ ᠵᠠᠬ᠎ᠠ ᠳᠠᠭᠠᠨ 3 ᠨᠡᠷᠡᠰ ᠪᠦᠯᠬᠦᠮ ᠨᠡᠶᠢᠲᠡ ᠶᠢᠨ ᠭᠤᠤᠯᠯᠠᠭᠴᠢ ᠭᠡᠰᠢᠭᠦᠨ ᠢ ᠪᠠᠭᠲᠠᠭᠠᠨ᠎ᠠ᠃ ᠪᠦᠯᠬᠦᠮ ᠨᠡᠶᠢᠲᠡ ᠶᠢᠨ ᠭᠡᠰᠢᠭᠦᠨ ᠤ ᠲᠤᠰᠬᠠᠶ ᠮᠡᠷᠭᠡᠵᠢᠯ ᠤᠨ ᠪᠦᠲᠦᠴᠡ ᠨᠢ ᠵᠦᠶ ᠵᠣᠬᠢᠰᠲᠠᠶ ᠪᠠᠶᠢᠵᠤ᠂ ᠮᠡᠷᠭᠡᠵᠢᠯ᠂ ᠬᠡᠷᠡᠭᠯᠡᠭᠡ᠂ ᠢᠨᠵᠧᠨᠧᠷᠢᠩᠵᠢᠭᠦᠯᠬᠦ ᠵᠡᠷᠭᠡ ᠡᠯ᠎ᠡ ᠭᠤᠭᠴᠤᠭ᠎ᠠ ᠳᠤ ᠬᠤᠯᠪᠤᠭ᠎ᠠ ᠲᠠᠢ᠂ ᠠᠵᠤ ᠠᠬᠤᠶᠢᠯᠠᠯ ᠤᠨ ᠪᠣᠳᠠᠲᠠᠶ ᠰᠢᠨ᠎ᠡ ᠶᠢ ᠡᠭᠦᠳᠬᠦ ᠬᠠᠷᠠᠯᠲᠠ ᠳᠤ ᠬᠥᠷᠬᠦ ᠮᠡᠷᠭᠡᠵᠢᠯ ᠤᠨ ᠴᠢᠳᠠᠪᠤᠷᠢ ᠲᠠᠢ  ᠪᠠᠶᠢᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯ ᠤᠨ ᠠᠮᠵᠢᠯᠲᠠ ᠪᠦᠲᠦᠮᠵᠢ ᠶᠢ ᠭᠤᠤᠯᠳᠠᠭᠤ ᠪᠦᠯᠬᠦᠮ ᠨᠡᠶᠢᠲᠡ ᠠᠴᠠ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠬᠤ ᠳᠡᠮᠵᠢᠯᠭᠡ ᠶᠢᠨ ᠪᠠᠯᠠ ᠮᠥᠩᠭᠦ ᠶᠢᠨ ᠲᠤᠭ᠎ᠠ ᠵᠢᠴᠢ ᠬᠡᠷᠡᠭᠯᠡᠬᠦ ᠴᠢᠭᠯᠡᠯ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠤ ᠬᠡᠷᠡᠭᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠰᠣᠩᠭᠤᠭᠳᠠᠭᠰᠠᠨ ᠴᠢᠳᠠᠪᠤᠷᠢᠲᠠᠨ ᠤ ᠬᠤᠪᠢ ᠬᠥᠮᠦᠨ ᠳᠤ ᠬᠥᠮᠦᠨ ᠪᠦᠷᠢ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠰᠣᠩᠭᠤᠭᠳᠠᠭᠰᠠᠨ ᠪᠦᠯᠬᠦᠮ ᠨᠡᠶᠢᠲᠡ ᠨᠢᠭᠡᠪᠦᠷᠢ ᠳᠤ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠱᠠᠩᠨᠠᠯ ᠤᠨ ᠵᠠᠷᠤᠳᠠᠯ ᠢ ᠠᠵᠢᠯᠲᠠᠨ ᠢ ᠤᠷᠮᠠᠰᠢᠭᠤᠯᠬᠤ᠂ ᠪᠦᠯᠬᠦᠮ ᠨᠡᠶᠢᠲᠡ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠵᠡᠷᠭᠡ ᠲᠠᠯ᠎ᠠ ᠶᠢᠨ ᠵᠠᠷᠤᠯᠭ᠎ᠠ ᠳᠤ ᠬᠡᠷᠡᠭᠯᠡᠨ᠎ᠡ᠃      ᠠᠷᠪᠠᠨ ᠬᠤᠶᠠᠳᠤᠭᠠᠷ ᠵᠦᠢᠯ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠣᠰ ᠨᠠᠷᠢᠨ ᠲᠦᠷᠢᠮ ᠳᠤ ᠬᠤᠯᠪᠣᠭᠳᠠᠭᠰᠠᠨ ᠡᠯ᠎ᠡ ᠲᠥᠷᠥᠯ ᠤᠨ ᠲᠥᠷᠥᠯ ᠵᠦᠢᠯ ᠢ ᠮᠡᠳᠡᠭᠦᠯᠬᠦ ᠵᠦᠭᠯᠡᠭᠦᠷ ᠢ ᠬᠠᠷᠢᠭᠤᠴᠠᠨ ᠨᠡᠶᠢᠲᠡᠯᠡᠵᠦ᠂ ᠲᠥᠷᠥᠯ ᠵᠦᠢᠯ ᠢ ᠮᠡᠳᠡᠭᠦᠯᠬᠦ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠳᠠᠩᠰᠠᠯᠠᠬᠤ᠂ ᠪᠠᠶᠢᠴᠠᠭᠠᠬᠤ᠂ ᠰᠢᠯᠭᠠᠨ ᠠᠪᠬᠤ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠶᠠᠪᠤᠴᠠ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠲᠣᠰ ᠨᠠᠷᠢᠨ ᠲᠦᠷᠢᠮ ᠳᠤ ᠬᠤᠯᠪᠣᠭᠳᠠᠬᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠲᠤᠰᠬᠠᠶ ᠪᠠᠯᠠ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ ᠪᠠᠯᠠ ᠮᠥᠩᠭᠦ ᠪᠠᠭᠤᠯᠭᠠᠬᠤ ᠪᠠ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠨ᠎ᠡ᠃      ᠠᠷᠪᠠᠨ ᠭᠤᠷᠪᠠᠳᠤᠭᠠᠷ ᠵᠦᠢᠯ ᠭᠤᠶᠤᠴᠢᠯᠠᠨ ᠮᠡᠳᠡᠭᠦᠯᠬᠦ ᠡᠯ᠎ᠡ ᠨᠢᠭᠡᠴᠡ ᠨᠦᠭᠦᠳ ᠭᠤᠶᠤᠴᠢᠯᠠᠨ ᠮᠡᠳᠡᠭᠦᠯᠬᠦ ᠪᠤᠶᠤ ᠬᠢᠨᠠᠨ ᠲᠣᠭᠲᠠᠭᠠᠬᠤ ᠵᠡᠷᠭᠡ ᠡᠯ᠎ᠡ ᠭᠤᠭᠴᠤᠭ᠎ᠠ ᠶᠢᠨ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠬᠤᠳᠠᠯ ᠬᠠᠭᠤᠷᠮᠠᠭ ᠵᠥᠪᠯᠡᠯᠴᠡᠭᠡᠷ ᠲᠣᠭᠲᠠᠬᠤ᠂ ᠠᠵᠢᠯ ᠤᠨ ᠠᠮᠵᠢᠯᠲᠠ ᠪᠦᠲᠦᠮᠵᠢ ᠪᠠᠨ ᠬᠤᠳᠠᠯ ᠢᠶᠠᠷ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠬᠡᠯᠡᠨ ᠤᠯᠬᠤ ᠶᠢ ᠴᠢᠩᠭ᠎ᠠ ᠴᠠᠭᠠᠵᠠᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠬᠤᠪᠢ ᠬᠥᠮᠦᠨ ᠪᠠ ᠨᠢᠭᠡᠴᠡ ᠶᠢ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠬᠠᠤᠯᠢ ᠶᠣᠰᠣᠭᠠᠷ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠨᠢᠭᠡᠨᠲᠡ ᠭᠥᠷᠳᠡᠭᠰᠡᠨ ᠨᠥᠬᠦᠪᠥᠷᠢ ᠪᠤᠶᠤ ᠱᠠᠩᠨᠠᠯ ᠤᠨ ᠪᠠᠯᠠ ᠮᠥᠩᠭᠦ ᠶᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠨ᠎ᠠ︔ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃      ᠠᠷᠪᠠᠨ ᠳᠥᠷᠪᠡᠳᠦᠭᠡᠷ ᠵᠦᠢᠯ ᠲᠣᠰ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ