ᠬᠦᠴᠦᠨ ᠦᠭᠡᠢ ᠪᠣᠯᠭᠠᠪᠠ︕ | | ᠬᠥᠬᠡᠬᠤᠲᠠ ᠵᠠᠰᠠᠭ ᠲᠠᠷᠬᠠᠭᠠᠭᠰᠠᠨ ﹇2022﹈ 25 ᠳ᠋ᠤᠭᠠᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ︵ᠬᠤᠷᠢᠨᠭᠡᠷ ᠰᠢᠨ᠎ᠡ ᠲᠣᠭᠤᠷᠢᠭ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ | ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | | ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ | | ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨ᠎ᠡ | ᠨᠡᠮᠡᠭᠳᠡᠯ ᠤᠨ ᠴᠡᠭ ᠢ ᠪᠣᠶᠢᠵᠢᠭᠤᠯᠵᠤ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ | ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠤᠷᠠᠳᠪᠠ᠃ | ᠨᠢᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ | ︵ᠨᠢᠭᠡ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠴᠢᠯᠡᠭᠡᠨ ᠤ ᠺᠣᠮᠫᠠᠨᠢ ᠶᠢ ᠬᠥᠬᠡᠬᠤᠲᠠ ᠳᠤ ᠬᠠᠤᠯᠢ ᠶᠣᠰᠣᠭᠠᠷ | ᠣᠷᠣᠭᠤᠯᠤᠨ ᠠᠪᠴᠢᠷᠠᠭᠰᠠᠨ ᠤ ᠳᠠᠷᠠᠭ᠎ᠠ᠂ ᠠᠵᠢᠯᠯᠠᠬᠤ ᠣᠷᠣᠨ ᠵᠠᠢ ᠶᠢᠨ ᠲᠦᠷᠢᠶᠡᠰᠦᠨ ᠨᠥᠬᠦᠪᠦᠷᠢ ᠣᠯᠭᠤᠨ᠎ᠠ᠂ ᠨᠥᠬᠦᠪᠦᠷᠢ ᠥᠭᠬᠦ ᠬᠤᠭᠤᠴᠠᠭ᠎ᠠ ᠨᠢ | ᠲᠠᠪᠤᠨ ᠵᠢᠯ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠦᠢᠯᠡᠴᠢᠯᠡᠭᠡᠨ ᠤ | ᠺᠣᠮᠫᠠᠨᠢ ᠶᠢᠨ ᠬᠤᠶᠠᠷ ᠰᠠᠷ᠎ᠠ ᠶᠢᠨ ᠭᠠᠶᠢᠯᠢ ᠲᠤᠰᠢᠶᠠᠭᠰᠠᠨ ᠲᠤᠭ᠎ᠠ ︵ᠠᠵᠤ ᠠᠬᠤᠶᠢᠯᠠᠯ ᠵᠢᠴᠢ ᠭᠡᠰᠢᠭᠦᠳ ᠠᠴᠠ ᠣᠷᠣᠯᠠᠨ ᠲᠠᠲᠠᠪᠤᠷᠢᠯᠠᠵᠤ ᠭᠡᠰᠢᠭᠦᠳ ᠲᠤ | ᠣᠷᠣᠯᠠᠨ ᠲᠤᠰᠢᠶᠠᠵᠤ ᠭᠡᠰᠢᠭᠦᠳ ᠠᠴᠠ ᠣᠷᠣᠯᠠᠨ ᠰᠠᠭᠤᠯᠭᠠᠨ ᠠᠪᠤᠭᠰᠠᠨ ᠡᠯ᠎ᠡ ᠵᠦᠢᠯ ᠤᠨ ᠭᠠᠶᠢᠯᠢ ᠶᠢᠨ ᠮᠥᠩᠭᠦ ᠵᠢᠴᠢ ᠨᠡᠮᠡᠯᠲᠡ ᠶᠢ ᠪᠠᠭᠲᠠᠭᠠᠨ᠎ᠠ︶ ᠨᠢ 20 | ᠲᠦᠮᠡᠨ ᠲᠥᠭᠦᠷᠢᠭ ᠠᠴᠠ ᠳᠡᠭᠡᠭᠰᠢᠬᠢ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠳᠤ ᠡᠵᠡᠩᠨᠡᠯᠲᠡ ᠶᠢᠨ ᠬᠤᠪᠢ ᠨᠡᠮᠡᠷᠢ ᠶᠢᠨ ᠱᠠᠩᠨᠠᠯ | ᠣᠯᠭᠤᠵᠤ᠂ ᠱᠠᠩᠨᠠᠯ ᠤᠨ ᠮᠦᠩᠭᠦ ᠶᠢᠨ ᠲᠤᠭ᠎ᠠ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ᠶᠢᠨ ᠬᠤᠲᠠ᠂ | ᠰᠢᠶᠠᠨ ︵ᠬᠤᠰᠢᠭᠤ ᠲᠣᠭᠤᠷᠢᠭ︶ ᠤ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 90% ᠬᠤᠪᠢ︔ 30 ᠠᠴᠠ ᠣᠯᠠᠨ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠣᠷᠣᠵᠤ ᠨᠤᠲᠤᠭᠰᠢᠭᠰᠠᠨ ᠲᠥᠷᠥᠯ ᠵᠦᠢᠯ ᠤᠨ ᠺᠣᠮᠫᠠᠨᠢ ᠳᠤ ᠲᠤᠬᠠᠢ ᠶᠢᠨ ᠭᠠᠵᠠᠷ ᠤᠨ ᠠᠵᠤ | ᠠᠬᠤᠢ ᠶᠢᠨ ᠬᠤᠪᠢ ᠨᠡᠮᠡᠷᠢ ᠶᠢᠨ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 10% ᠪᠠᠷ ᠨᠡᠶᠢᠳᠬᠡᠭᠰᠡᠨ ᠡᠵᠡᠩᠨᠡᠯᠲᠡ ᠶᠢᠨ ᠱᠠᠩᠨᠠᠯ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠡᠯᠬᠢᠶ᠎ᠡ ᠲᠦᠲᠡ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠪᠠᠶᠢᠭᠤᠯᠬᠤ ᠶᠢ ᠳᠡᠮᠵᠢᠨ᠎ᠡ᠃ | ᠮᠠᠨ ᠤ ᠬᠤᠲᠠ ᠳᠤ ᠪᠠᠶᠢᠭ᠎ᠠ ᠳᠡᠯᠭᠡᠭᠦᠷ ᠤᠨ ᠲᠤᠭ᠎ᠠ ᠨᠢ 30 ᠶᠢ ᠳᠠᠪᠠᠭᠰᠠᠨ ᠬᠡᠯᠬᠢᠶ᠎ᠡ ᠲᠥᠳᠡ ᠠᠵᠤ ᠠᠬᠤᠶᠢᠯᠠᠯ 5000 ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠲᠠᠯᠠᠪᠠᠢ ᠲᠠᠢ ᠲᠣᠬᠢᠷᠠᠭᠤᠯᠤᠨ ᠬᠦᠷᠭᠡᠬᠦ ᠲᠥᠪ ︵ᠭᠠᠵᠠᠷ ᠬᠤᠳᠠᠯᠳᠤᠨ ᠠᠪᠴᠤ ᠪᠦᠲᠦᠭᠡᠨ ᠪᠠᠶᠢᠭᠤᠯᠤᠨ ᠥᠭᠡᠷᠡᠴᠢᠯᠡᠬᠦ ᠪᠠ ᠬᠥᠮᠥᠷᠭᠡ | ᠲᠦᠷᠢᠶᠡᠰᠦᠯᠡᠨ ᠪᠦᠲᠦᠭᠡᠨ ᠪᠠᠶᠢᠭᠤᠯᠤᠨ ᠥᠭᠡᠷᠡᠴᠢᠯᠡᠬᠦ ᠪᠠᠭᠲᠠᠨ᠎ᠠ︶ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠤᠭᠰᠠᠨ ᠳᠤ᠂ ᠵᠠᠰᠠᠵᠤ | ᠴᠢᠮᠡᠬᠦ ᠪᠠ ᠬᠠᠲᠠᠭᠤ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠵᠦ᠂ ᠣᠨ ᠤ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ | 20% ᠪᠠᠷ ᠨᠥᠬᠦᠪᠦᠷᠢ ᠥᠭᠴᠦ᠂ ᠭᠠᠭᠴᠠ ᠬᠡᠯᠬᠢᠶ᠎ᠡ ᠲᠥᠳᠡ ᠠᠵᠤ ᠠᠬᠤᠶᠢᠯᠠᠯ ᠤᠨ ᠵᠢᠯ ᠪᠦᠷᠢ ᠶᠢᠨ ᠲᠣᠰ ᠵᠦᠢᠯ ᠤᠨ ᠨᠥᠬᠦᠪᠦᠷᠢ ᠶᠢ ᠬᠠᠮᠤᠭ ᠤᠨ | ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠳᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠲᠥᠪ ᠠᠴᠠ ᠪᠠᠭᠤᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠦᠷᠢᠶᠡᠰᠦᠨ ᠮᠠᠰᠢᠨ ᠲᠡᠷᠭᠡ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ ᠶᠢᠨ ᠠᠵᠢᠯ ᠲᠥᠷᠥᠯ ᠤᠨ ᠲᠣᠰᠣᠨ ᠤ ᠦᠨ᠎ᠡ ᠶᠢᠨ ᠨᠥᠬᠦᠪᠦᠷᠢ ᠶᠢᠨ ᠪᠡᠯᠡ ᠮᠥᠩᠭᠦ ᠶᠢᠨ ᠬᠤᠲᠠ ᠶᠢᠨ ᠨᠢᠭᠡᠳᠦᠯᠲᠡᠢ ᠲᠥᠯᠥᠪᠯᠡᠬᠦ ᠬᠡᠰᠡᠭ ᠠᠴᠠ | 30% ᠶᠢᠨ ᠬᠠᠷᠢᠴᠠᠯ ᠠᠴᠠ ᠳᠣᠣᠷ᠎ᠠ ᠦᠭᠡᠢ ᠬᠡᠰᠡᠭ ᠢ ᠬᠡᠷᠡᠭᠯᠡᠨ᠂ ᠡᠵᠡᠩᠨᠡᠯᠲᠡ ᠨᠢ ᠬᠦᠴᠢᠷᠲᠡᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂ | ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠳᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠵᠠᠮ | ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ | ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠬᠦᠢᠰᠦ ᠶᠢ ᠪᠦᠲᠦᠭᠡᠨ ᠪᠠᠶᠢᠭᠤᠯᠤᠨ ᠡᠵᠡᠩᠨᠡᠬᠦ ᠬᠡᠪ ᠳᠠᠭᠤᠷᠢᠶᠠᠯᠪᠣᠯᠬᠤ ᠠᠵᠤ ᠠᠬᠤᠶᠢᠯᠠᠯ᠂ ᠪᠠᠷᠠᠭᠠᠨ ᠤ | ᠭᠦᠢᠯᠭᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠬᠥᠮᠥᠵᠢᠭᠦᠯᠵᠦ ᠲᠣᠭᠲᠠᠭᠠᠨ᠎ᠠ᠃ A ᠲᠠᠰ ᠤᠨ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠪᠠ ᠦᠨᠡᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠵᠢᠯᠣᠭᠤᠴᠢ ᠶᠢᠨ ᠭᠡᠷ︾ ᠤᠨ ᠪᠠᠶᠢᠭᠤᠯᠤᠯᠲᠠ ᠶᠢ | ᠢᠳᠡᠪᠬᠢᠲᠡᠢ ᠥᠷᠨᠢᠭᠦᠯᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠭᠡᠷ︾ ᠲᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠲᠣᠣᠷ ᠴᠡᠭ ᠤᠨ ᠪᠠᠶᠢᠷᠢᠰᠢᠭᠤᠯᠤᠯᠲᠠ ᠶᠢ ᠲᠦᠷᠭᠡᠳᠬᠡᠨ᠂ ᠰᠢᠤᠳᠠᠨ ᠤ ᠠᠵᠤ ᠠᠬᠤᠶᠢᠯᠠᠯ ᠬᠢᠭᠡᠳ | ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠦᠵᠦᠭᠦᠷ ᠲᠤ ᠬᠦᠷᠭᠡᠬᠦ ᠡᠬᠢ ᠪᠠᠶᠠᠯᠢᠭ ᠢᠶᠠᠨ ᠨᠡᠶᠢᠳᠬᠡᠬᠦ ᠶᠢ ᠵᠣᠷᠢᠭᠵᠢᠭᠤᠯᠵᠤ᠂ ︽ᠣᠯᠠᠨ ᠥᠷᠲᠡᠭᠡ ᠶᠢ | ᠨᠡᠶᠢᠯᠡᠭᠦᠯᠦᠨ ᠨᠢᠭᠡ ᠪᠣᠯᠭᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ︾ ᠵᠠᠭᠪᠤᠷ ᠶᠣᠰᠣᠭᠠᠷ᠂ ᠣᠯᠠᠨ ᠲᠥᠷᠥᠯ ᠲᠡᠮᠳᠡᠭᠲᠦ ᠭᠠᠴᠠᠭ᠎ᠠ ᠲᠣᠰᠬᠤᠨ ᠳᠤ ᠣᠷᠣᠬᠤ | ᠠᠷᠭ᠎ᠠ ᠵᠠᠮ ᠢ ᠥᠷᠭᠡᠳᠬᠡᠨ᠎ᠡ᠃ ᠪᠣᠳᠠᠲᠠᠢ ᠡᠭᠦᠰᠦᠭᠰᠡᠨ ᠲᠦᠷᠭᠡᠨ ᠬᠦᠷᠭᠡᠯᠲᠡ ᠶᠢ ᠭᠠᠴᠠᠭ᠎ᠠ ᠲᠣᠰᠬᠤᠨ ᠳᠤ ᠣᠷᠣᠭᠤᠯᠤᠭᠰᠠᠨ ᠲᠤᠬᠠᠶᠢᠯᠠᠭᠰᠠᠨ ᠠᠵᠢᠯ ᠤᠨ | ᠦᠢᠯᠡᠴᠢᠯᠡᠭᠡ ᠳᠤ᠂ ᠵᠢᠯ ᠪᠦᠷᠢ ᠵᠠᠬᠢᠶᠠᠯᠠᠭ᠎ᠠ ᠨᠢᠭᠡᠪᠦᠷᠢ ᠳᠤ 0.3 ᠲᠥᠭᠦᠷᠢᠭ ᠤᠨ ᠳᠣᠲᠣᠷ᠎ᠠ ᠨᠥᠬᠦᠪᠦᠷᠢ ᠥᠭᠴᠦ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ | ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠲᠦᠷᠭᠡᠨ ᠬᠦᠷᠭᠡᠯᠲᠡ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠳᠡᠮᠵᠢᠨ᠎ᠡ᠃ ᠬᠤᠲᠠ᠂ ᠲᠣᠭᠤᠷᠢᠭ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠬᠦᠴᠦᠨ ᠤ ᠬᠤᠪᠢᠳᠠᠯ ᠤᠨ ᠬᠠᠷᠢᠴᠠᠯ ᠢᠶᠠᠷ ᠵᠠᠰᠠᠭ ᠤᠨ ᠣᠷᠳᠣᠨ ᠠᠴᠠ | ᠨᠥᠬᠦᠪᠦᠷᠢ ᠥᠭᠬᠦ ᠠᠷᠭ᠎ᠠ ᠮᠠᠶ᠋ᠢᠭ ᠢ ᠠᠪᠴᠤ ᠱᠠᠲᠤ ᠬᠤᠪᠢᠶᠠᠨ ᠡᠭᠦᠷᠭᠡᠯᠡᠨ᠎ᠡ᠃ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠦᠷᠢᠶᠡᠯᠡᠩ | ᠲᠣᠭᠤᠷᠢᠭ ᠲᠤ ᠣᠷᠣᠵᠤ ᠰᠠᠭᠤᠬᠤ ᠶᠢ ᠬᠥᠲᠥᠯᠥᠨ ᠵᠢᠯᠤᠭᠤᠳᠴᠤ᠂ ᠨᠢᠭᠡᠳᠦᠭᠡᠷ ᠵᠢᠯ ᠳᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ ᠲᠦᠷᠢᠶᠡᠰᠦᠨ | ᠮᠥᠩᠭᠦ ᠶᠢᠨ 100% ᠶᠢᠨ ᠨᠥᠬᠦᠪᠦᠷᠢ ᠣᠯᠭᠤᠵᠤ᠂ ᠬᠤᠶᠠᠳᠤᠭᠠᠷ ᠵᠢᠯ ᠳᠤ ᠲᠦᠷᠢᠶᠡᠰᠦᠨ ᠮᠥᠩᠭᠦ ᠶᠢᠨ 60% ᠶᠢᠨ ᠨᠥᠬᠦᠪᠦᠷᠢ ᠣᠯᠭᠤᠵᠤ᠂ | ᠭᠤᠷᠪᠠᠳᠤᠭᠠᠷ ᠵᠢᠯ ᠳᠤ ᠲᠦᠷᠢᠶᠡᠰᠦᠨ ᠮᠥᠩᠭᠦ ᠶᠢᠨ 40% ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ︽ᠨᠢᠭᠡ ᠵᠠᠬᠢᠶᠠᠯᠠᠭ᠎ᠠ ᠶᠢᠨ ᠳᠦᠷᠢᠮ︾ ᠤᠨ ᠲᠤᠷᠰᠢᠯᠲᠠ ᠶᠢᠨ ᠴᠡᠭ ᠤᠨ | ᠢᠨᠵᠧᠨᠧᠷᠢᠩ ᠢ ᠥᠷᠨᠢᠭᠦᠯᠵᠦ᠂ ᠲᠤᠷᠰᠢᠯᠲᠠ ᠶᠢᠨ ᠴᠡᠭ ᠤᠨ ᠢᠨᠵᠧᠨᠧᠷᠢᠩ ᠳᠤ ᠣᠷᠣᠭᠤᠯᠤᠭᠰᠠᠨ ᠠᠵᠤ ᠠᠬᠤᠶᠢᠯᠠᠯ ᠢ ᠬᠢᠨᠠᠨ ᠰᠢᠯᠭᠠᠷᠠᠭᠤᠯᠬᠤ ᠪᠠᠷ ᠳᠡᠮᠵᠢᠨ | ᠬᠢᠷᠢ ᠲᠡᠩᠴᠡᠭᠰᠡᠨ ᠮᠥᠷᠲᠡᠭᠡᠨ ᠪᠥᠬᠦ ᠣᠷᠣᠨ ᠤ ᠡᠮᠦᠨ᠎ᠡ ᠲᠠᠪᠤᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠨᠢᠭᠡᠪᠦᠷᠢ ᠶᠢ ᠨᠢᠭᠡ ᠤᠳᠠᠭ᠎ᠠ ᠶᠢᠨ | ᠴᠢᠨᠠᠷᠲᠠᠢ ᠪᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠬᠠᠭᠤᠴᠢᠨ ᠭᠡᠷ ᠪᠠᠶᠢᠰᠢᠩ᠂ ᠰᠠᠩ ᠬᠥᠮᠥᠷᠭᠡ ᠪᠠ ᠦᠯᠡᠳᠡᠭᠡᠯ ᠭᠠᠵᠠᠷ | ᠰᠢᠷᠣᠢ ᠶᠢᠨ ᠡᠬᠢ ᠪᠠᠶᠠᠯᠢᠭ ᠢ ᠠᠰᠢᠭᠯᠠᠨ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠪᠠᠶᠢᠭᠤᠯᠬᠤ ᠪᠤᠶᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠬᠤ ᠳᠤ | ᠂ ᠤᠤᠯ ᠤᠨ ᠬᠤᠪᠢᠶᠠᠵᠤ ᠣᠯᠭᠤᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠵᠦ ᠥᠭᠬᠦ ᠪᠤᠶᠤ ᠲᠦᠷᠢᠶᠡᠰᠦᠯᠡᠭᠦᠯᠬᠦ ᠳᠤ ᠬᠤᠯᠪᠣᠭᠳᠠᠭᠰᠠᠨ | ᠪᠠᠶᠢᠪᠠᠯ᠂ ᠲᠤᠭᠲᠠᠭᠠᠯ ᠶᠣᠰᠤᠭᠠᠷ ᠭᠠᠵᠠᠷ ᠰᠢᠷᠣᠢ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠭᠠᠷ ᠭᠦᠢᠴᠡᠳᠬᠡᠯ ᠬᠢᠵᠦ᠂ ᠵᠥᠪᠰᠢᠶᠡᠷᠡᠭᠦᠯᠦᠭᠰᠡᠨ ᠤ ᠲᠠᠷᠠᠭ᠎ᠠ | ᠭᠡᠷ᠎ᠡ ᠶᠢᠨ ᠠᠷᠭ᠎ᠠ ᠮᠠᠶ᠋ᠢᠭ ᠢᠶᠠᠷ ᠰᠢᠯᠵᠢᠭᠦᠯᠦᠨ ᠥᠭᠴᠦ ᠪᠣᠯᠣᠨ᠎ᠠ᠃ 5 ᠵᠢᠯ ᠤᠨ ᠳᠣᠲᠣᠷ᠎ᠠ ᠭᠠᠵᠠᠷ ᠰᠢᠷᠣᠢ ᠶᠢᠨ ᠤᠤᠯ ᠤᠨ ᠬᠡᠷᠡᠭᠯᠡᠯᠲᠡ ᠶᠢ ᠬᠡᠪ ᠢᠶᠠᠷ | ᠪᠠᠶᠢᠯᠭᠠᠵᠤ᠂ ᠡᠷᠬᠡ ᠶᠢᠨ ᠲᠥᠷᠥᠯ ᠵᠦᠢᠯ ᠢ ᠬᠤᠪᠢᠷᠠᠭᠤᠯᠬᠤ ᠦᠭᠡᠢ᠂ 5 ᠵᠢᠯ ᠤᠨ ᠬᠤᠭᠤᠴᠠᠭ᠎ᠠ ᠲᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠭᠠᠵᠠᠷ ᠬᠡᠷᠡᠭᠯᠡᠬᠦ | ᠭᠠᠷᠳᠠᠮ ᠢ ᠦᠨᠡᠬᠡᠷ ᠭᠦᠢᠴᠡᠳᠬᠡᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠦᠢᠴᠡᠳᠬᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠮᠥᠩᠭᠦᠨ ᠭᠦᠢᠯᠭᠡᠭᠡᠨ ᠤ ᠦᠢᠯᠡᠰ | ︵ᠠᠷᠪᠠ︶ ᠪᠠᠩᠬᠢ ᠪᠠ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠵᠣᠯᠭᠠᠭᠤᠯᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠪᠠ ᠲᠥᠬᠦᠮ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | | ︵ᠠᠷᠪᠠᠨ ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠵᠦ ᠢᠷᠡᠭᠰᠡᠨ ᠬᠠᠤᠯᠢ ᠶᠢᠨ ᠡᠷᠬᠡᠲᠡᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠳᠠᠩᠰᠠᠯᠠᠭᠤᠯᠤᠭᠰᠠᠨ ᠬᠥᠷᠥᠩᠭᠡ ᠶᠢᠨ 1% ᠪᠠᠷ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ | ᠣᠯᠭᠤᠨ᠎ᠠ︔ ᠪᠠᠩᠬᠢ ᠶᠢᠨ ᠪᠠᠶᠢᠭᠤᠯᠤᠮᠵᠢ ᠶᠢᠨ ᠶᠡᠷᠦᠩᠬᠡᠢ ᠪᠠᠩᠬᠢ ᠶᠢᠨ ᠲᠠᠰ ᠤᠨ ᠠᠵᠢᠯ ᠦᠢᠯᠡᠰ ᠤᠨ ᠬᠡᠯᠲᠡᠰ᠂ ᠲᠤᠭ᠎ᠠ ᠪᠠᠷᠢᠮᠲᠠ ᠶᠢᠨ ᠲᠥᠪ᠂ ᠬᠠᠭᠤᠯᠤᠨ | ᠬᠠᠳᠠᠭᠠᠯᠠᠬᠤ ᠲᠥᠪ᠂ ᠰᠤᠳᠤᠯᠤᠨ ᠨᠡᠭᠡᠭᠡᠬᠦ ᠲᠥᠪ ᠵᠡᠷᠭᠡ ᠪᠠᠶᠢᠭᠤᠯᠤᠮᠵᠢ ᠣᠷᠣᠵᠤ ᠰᠠᠭᠤᠪᠠᠯ ᠠᠳᠠᠯᠢ ᠬᠠᠷᠢᠴᠠᠯ ᠤᠨ ᠨᠥᠬᠦᠪᠦᠷᠢ ᠬᠦᠷᠲᠡᠵᠦ᠂ ᠬᠠᠮᠤᠭ ᠤᠨ | ᠥᠨᠳᠥᠷ ᠲᠡᠭᠡᠨ 200 ᠲᠦᠮᠡᠨ ᠲᠥᠭᠦᠷᠢᠭ ᠤᠨ ᠨᠥᠬᠦᠪᠦᠷᠢ ᠭᠥᠷᠳᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠮᠠᠨ ᠤ ᠬᠤᠲᠠ ᠳᠤ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠨ ᠢᠷᠡᠭᠰᠡᠨ ᠳᠠᠭᠠᠳᠬᠠᠯ᠂ ᠲᠡᠮᠳᠡᠭᠲᠦ᠂ | ᠬᠤᠭᠤᠴᠠᠭᠠᠲᠤ ᠪᠠᠷᠠᠭ᠎ᠠ᠂ ᠢᠳᠡᠭᠡᠮᠵᠢ ᠵᠡᠷᠭᠡ ᠪᠠᠶᠢᠭᠤᠯᠤᠮᠵᠢ ᠶᠢᠨ ᠬᠤᠪᠢᠶᠠᠷᠢ ᠺᠣᠮᠫᠠᠨᠢ ᠳᠤ 20 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠪᠡᠯᠡ | ᠲᠣᠬᠢᠷᠠᠭᠤᠯᠭ᠎ᠠ ᠶᠢᠨ ᠲᠦᠷᠢᠶᠡᠰᠦᠯᠡᠯ᠂ ᠬᠤᠳᠠᠯᠳᠤᠭᠠᠨ ᠤ ᠲᠠᠭᠠᠭᠠᠨ ᠶᠠᠪᠤᠭᠳᠠᠭᠤᠯᠬᠤ᠂ ᠰᠠᠭᠤᠷᠢ ᠮᠥᠩᠭᠦᠨ ᠤ ᠺᠣᠮᠫᠠᠨᠢ ᠳᠤ ᠺᠣᠮᠫᠠᠨᠢ ᠶᠢᠨ ᠪᠣᠳᠠᠲᠠᠢ | ᠬᠤᠷᠢᠶᠠᠵᠤ ᠣᠯᠣᠭᠰᠠᠨ ᠬᠥᠷᠥᠩᠭᠡ ᠶᠢᠨ 0.3% ᠪᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠨ ᠢᠷᠡᠭᠰᠡᠨ ᠪᠥᠭᠡᠳ ᠪᠣᠳᠠᠲᠠᠢ ᠴᠤᠭᠯᠠᠭᠤᠯᠤᠭᠰᠠᠨ ᠪᠡᠯᠡ ᠮᠥᠩᠭᠦ ᠨᠢ | 5000 ᠲᠦᠮᠡᠨ ᠲᠥᠭᠦᠷᠢᠭ ᠠᠴᠠ ᠳᠣᠣᠷ᠎ᠠ ᠦᠭᠡᠢ ᠰᠲ᠋ᠣᠺ ᠤᠨ ᠡᠷᠬᠡᠲᠦ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ︵ᠲᠦᠭᠰᠢᠭᠦᠷᠢᠲᠡᠢ ᠪᠡᠯᠡ | ᠣᠷᠣᠭᠤᠯᠤᠯᠲᠠ ᠶᠢ ᠪᠠᠭᠲᠠᠭᠠᠨ᠎ᠠ︶ ᠳᠤ᠂ ᠲᠡᠭᠦᠨ ᠤ ᠠᠩᠬᠠᠨ ᠤ ᠬᠤᠭᠤᠴᠠᠭᠠᠨ ᠤ ᠪᠣᠳᠠᠲᠠᠢ ᠪᠡᠯᠡ ᠣᠷᠣᠭᠤᠯᠤᠭᠰᠠᠨ ᠲᠤᠭ᠎ᠠ ᠶᠢᠨ 0.5% ᠶᠢᠨ | ᠬᠠᠷᠢᠴᠠᠯ ᠢᠶᠠᠷ ᠨᠡᠭᠡᠭᠡᠨ ᠡᠷᠬᠢᠯᠡᠬᠦ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ᠲᠤᠰ ᠵᠢᠯ ᠳᠤ ᠮᠠᠨ ᠤ | ᠬᠤᠲᠠ ᠶᠢᠨ ᠠᠵᠤ ᠠᠬᠤᠶᠢᠯᠠᠯ ᠳᠤ ᠣᠷᠣᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 5000 ᠲᠦᠮᠡᠨ | ᠲᠥᠭᠦᠷᠢᠭ ᠢ ᠳᠠᠪᠠᠭᠰᠠᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠲᠤᠰ ᠵᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ 1% ᠶᠢᠨ | ᠬᠠᠷᠢᠴᠠᠯ ᠢᠶᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠳᠥᠷᠪᠡ︶ ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠭᠰᠠᠨ ᠵᠢᠭᠡᠯᠡᠯᠭᠡ ᠶᠢᠨ ᠲᠡᠮᠳᠡᠭᠲᠦ᠂ ᠬᠤᠪᠢ ᠶᠢᠨ ᠵᠢᠭᠡᠯᠡᠯᠭᠡ ᠶᠢᠨ ᠲᠡᠮᠳᠡᠭᠲᠦ᠂ | ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠦᠢᠯᠡᠰ ᠴᠣᠭᠴᠠᠯᠠᠨ ᠰᠢᠨ᠎ᠡ ᠶᠢ ᠡᠭᠦᠳᠬᠦ ᠵᠢᠭᠡᠯᠡᠯᠭᠡ ᠶᠢᠨ ᠲᠡᠮᠳᠡᠭᠲᠦ ᠵᠡᠷᠭᠡ ᠡᠯ᠎ᠡ ᠲᠥᠷᠥᠯ ᠤᠨ ᠵᠢᠭᠡᠯᠡᠯᠭᠡ ᠶᠢᠨ | ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠭᠰᠠᠨ ᠠᠵᠤ ᠠᠬᠤᠶᠢᠯᠠᠯ ᠳᠤ ᠵᠢᠭᠡᠯᠡᠯᠭᠡ ᠲᠠᠷᠬᠠᠭᠠᠭᠰᠠᠨ ᠲᠤᠭ᠎ᠠ ᠶᠢᠨ 2% ᠢᠶᠠᠷ ᠨᠥᠬᠦᠪᠦᠷᠢ ᠣᠯᠭᠤᠵᠤ᠂ | ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ | ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ | ᠬᠦᠴᠢᠷᠳᠡᠯᠲᠡᠢ ᠠᠵᠢᠯ ᠲᠥᠷᠥᠯ ᠤᠨ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ | ᠵᠢᠵᠢᠭ ᠠᠵᠤ ᠠᠬᠤᠶᠢᠯᠠᠯ ᠳᠤ ᠣᠯᠭᠤᠬᠤ ᠵᠢᠭᠡᠯᠡᠯᠭᠡ ᠪᠠᠨ ᠨᠡᠮᠡᠭᠳᠡᠭᠦᠯᠬᠦ ᠶᠢ ᠳᠡᠮᠵᠢᠨ᠎ᠡ᠃ ᠠᠩᠬᠠᠨ ᠤ ᠵᠢᠭᠡᠯᠡᠯᠭᠡ ᠶᠢ ᠨᠡᠮᠡᠭᠳᠡᠭᠦᠯᠵᠦ᠂ ᠲᠣᠭᠲᠠᠭᠤᠨ ᠢᠶᠠᠷ | ᠦᠷᠭᠦᠯᠵᠢᠯᠡᠨ ᠵᠢᠭᠡᠯᠡᠭᠦᠯᠦᠨ᠎ᠡ᠃ ᠦᠷᠭᠦᠯᠵᠢᠯᠡᠨ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠬᠡᠪ ᠤᠨ ᠦᠷᠭᠦᠯᠵᠢᠯᠡᠨ ᠵᠢᠭᠡᠯᠡᠯᠭᠡ ᠲᠠᠯᠪᠢᠬᠤ | ᠲᠤᠬᠠᠶᠢᠯᠠᠭᠰᠠᠨ ᠠᠵᠢᠯ ᠢᠶᠠᠷ ᠭᠦᠢᠴᠡᠳᠬᠡᠵᠦ᠂ ᠰᠣᠬᠤᠷ ᠪᠠᠯᠠᠢ ᠪᠠᠷ ᠵᠢᠭᠡᠯᠡᠯᠭᠡ ᠪᠠᠨ ᠬᠠᠶᠢᠷᠠᠯᠠᠵᠤ᠂ ᠵᠢᠭᠡᠯᠡᠯᠭᠡ ᠪᠠᠨ ᠤᠷᠢᠳᠴᠢᠯᠠᠨ ᠪᠤᠴᠠᠭᠠᠨ ᠠᠪᠴᠤ᠂ | ᠵᠢᠭᠡᠯᠡᠯᠭᠡ ᠪᠠᠨ ᠵᠣᠭᠰᠣᠭᠠᠵᠤ᠂ ᠵᠢᠭᠡᠯᠡᠯᠭᠡ ᠪᠠᠨ ᠳᠠᠷᠤᠵᠤ ᠪᠣᠯᠬᠤ ᠦᠭᠡᠢ᠂ 2022 ᠣᠨ ᠤ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2021 | ᠣᠨ ᠤ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠥᠨᠳᠥᠷ ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶ | ︵ᠠᠷᠪᠠᠨ ᠵᠢᠷᠭᠤᠭ᠎ᠠ︶ ᠪᠡᠯᠡ ᠮᠥᠩᠭᠦ ᠪᠠᠷ ᠱᠠᠩᠨᠠᠵᠤ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠮᠠᠨ ᠤ ᠬᠤᠲᠠ ᠳᠤ ᠨᠡᠭᠦᠵᠦ ᠢᠷᠡᠭᠰᠡᠨ | ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠢ ᠬᠤᠲᠠ ᠶᠢᠨ ᠲᠤᠰ ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ | 1000 ᠲᠦᠮᠡᠨ ᠲᠥᠭᠦᠷᠢᠭ ᠢᠶᠠᠷ ᠱᠠᠩᠨᠠᠨ᠎ᠠ᠃ ᠮᠠᠨ ᠤ ᠬᠤᠲᠠ ᠶᠢᠨ ᠠᠩᠬ᠎ᠠ ᠬᠥᠷᠥᠩᠭᠡ ᠶᠢᠨ ᠵᠠᠬ᠎ᠠ ᠳᠤ ᠭᠠᠷᠬᠤ ᠠᠵᠤ ᠠᠬᠤᠶᠢᠯᠠᠯ ᠳᠤ᠂ ᠵᠠᠬ᠎ᠠ ᠳᠤ | ᠭᠠᠷᠬᠤ ᠪᠠᠷ ᠪᠡᠯᠡᠳᠬᠡᠬᠦ ᠶᠠᠪᠤᠴᠠ ᠳᠤ᠂ ᠬᠤᠲᠠ ᠶᠢᠨ ᠲᠣᠰ ᠱᠠᠲᠤᠨ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠵᠤ᠂ ᠱᠠᠩᠨᠠᠯ | ᠨᠥᠬᠦᠪᠦᠷᠢ ᠶᠢᠨ ᠲᠤᠭ᠎ᠠ ᠶᠢ ᠨᠡᠶᠢᠯᠡᠭᠡᠳ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠵᠤ ᠠᠬᠤᠶᠢᠯᠠᠯ ᠬᠥᠷᠥᠩᠭᠡ ᠶᠢᠨ ᠵᠠᠬ᠎ᠠ ᠳᠤ | ᠭᠠᠷᠤᠭᠰᠠᠨ ᠤ ᠲᠠᠷᠠᠭ᠎ᠠ᠂ ᠠᠵᠤ ᠠᠬᠤᠶᠢᠯᠠᠯ ᠤᠨ ᠲᠠᠬᠢᠭᠠᠳ ᠪᠠᠰᠠ ᠥᠪᠡᠷᠲᠡᠭᠡᠨ ᠵᠠᠰᠠᠬᠤ ᠣᠷᠣᠨ ᠤ ᠬᠥᠷᠥᠩᠭᠡ ᠶᠢᠨ ᠵᠠᠬ᠎ᠠ ᠳᠤ ᠭᠠᠷᠬᠤ 500 ᠲᠦᠮᠡᠨ | ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠬᠦᠷᠲᠡᠬᠦ ᠳᠤ ᠢᠳᠡᠪᠬᠢᠲᠡᠢ ᠬᠠᠪᠰᠤᠷᠤᠨ᠎ᠠ᠃ ᠬᠤᠲᠠ ᠶᠢᠨ ᠲᠣᠰ ᠱᠠᠲᠤᠨ ᠤ ᠱᠠᠲᠤ ᠬᠤᠪᠢᠶᠠᠨ ᠱᠠᠩᠨᠠᠵᠤ | ᠨᠥᠬᠦᠪᠦᠷᠢᠯᠡᠬᠦ ᠨᠢ ᠳᠣᠣᠷᠠᠬᠢ ᠮᠡᠲᠦ᠄ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠵᠢᠯᠣᠭᠤᠳᠤᠯᠭ᠎ᠠ ᠳᠠᠩᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠠᠵᠤ | ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ ᠢᠶᠠᠷ ᠳᠠᠮᠵᠢᠭᠤᠯᠤᠨ ᠬᠥᠷᠥᠩᠭᠡ ᠶᠢᠨ ᠵᠠᠬ᠎ᠠ ᠳᠤ ᠭᠠᠷᠬᠤ ᠭᠤᠶᠤᠴᠢᠯᠠᠯ ᠤᠨ | ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠭᠥᠯᠢᠶᠡᠨ ᠠᠪᠤᠭᠰᠠᠨ ᠤ | ᠳᠠᠷᠠᠭ᠎ᠠ᠂ ᠲᠠᠬᠢᠭᠠᠳ ᠳᠡᠭᠡᠷ᠎ᠡ ᠨᠢ 200 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ︔ ᠠᠵᠤ ᠠᠬᠤᠶᠢᠯᠠᠯ ᠨᠢ ᠳᠤᠮᠳᠠᠳᠤ ᠤᠯᠤᠰ ᠤᠨ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠲᠠᠷᠬᠠᠭᠠᠬᠤ ᠶᠢ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠬᠠᠷᠭᠤᠭᠤᠯᠭ᠎ᠠ ᠶᠢ ᠥᠩᠭᠡᠷᠡᠭᠡᠨ ᠬᠥᠷᠥᠩᠭᠡ ᠶᠢᠨ | ᠵᠠᠬ᠎ᠠ ᠳᠤ ᠵᠢᠩᠬᠢᠨᠢ ᠪᠠᠷ ᠭᠠᠷᠬᠤ ᠳᠤ᠂ ᠲᠠᠬᠢᠭᠠᠳ ᠳᠡᠭᠡᠷ᠎ᠡ ᠨᠢ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ᠱᠧᠨᠵᠧᠨ ᠤ ᠠᠷᠠᠯᠵᠢᠶᠠᠨ ᠤ | ᠭᠠᠵᠠᠷ ᠤᠨ ᠦᠢᠯᠡᠰ ᠴᠣᠭᠴᠠᠯᠠᠬᠤ ᠰᠠᠮᠪᠠᠷ᠎ᠠ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠰᠠᠮᠪᠠᠷ᠎ᠠ ᠳᠤ ᠳᠠᠩᠰᠠᠯᠠᠭᠤᠯᠬᠤ ᠳᠦᠷᠢᠮ ᠢᠶᠠᠷ ᠬᠦᠷᠦᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠳᠤ᠂ ᠠᠵᠤ ᠠᠬᠤᠶᠢᠯᠠᠯ ᠨᠢ | ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠠᠩᠰᠠᠯᠠᠯᠲᠠ ᠶᠢ ᠥᠩᠭᠡᠷᠡᠭᠡᠭᠰᠡᠨ ᠤ | ᠳᠠᠷᠠᠭ᠎ᠠ᠂ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠠᠵᠤ ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ | ᠬᠤᠳᠠᠯᠳᠤᠭᠠᠴᠢᠨ ᠢᠶᠠᠷ ᠳᠠᠮᠵᠢᠭᠤᠯᠤᠨ ᠵᠠᠬ᠎ᠠ ᠳᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠲᠤᠮᠳᠠᠳᠤ ᠤᠯᠤᠰ ᠤᠨ | ᠳᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠬᠦᠯᠢᠶᠡᠨ ᠠᠪᠤᠭᠰᠠᠨ ᠤ ᠳᠠᠷᠠᠭ᠎ᠠ᠂ ᠲᠠᠬᠢᠭᠠᠳ ᠳᠡᠭᠡᠷ᠎ᠡ ᠨᠢ 200 ᠲᠦᠮᠡᠨ ᠲᠥᠭᠦᠷᠢᠭ ᠢᠶᠠᠷ ᠱᠠᠩᠨᠠᠵᠤ | ᠨᠥᠬᠦᠪᠦᠷᠢᠯᠡᠨ᠎ᠡ︔ ᠬᠥᠷᠥᠩᠭᠡ ᠶᠢᠨ ᠵᠠᠬ᠎ᠠ ᠳᠤ ᠵᠢᠩᠬᠢᠨᠢ ᠪᠠᠷ ᠭᠠᠷᠤᠭᠰᠠᠨ ᠤ ᠳᠠᠷᠠᠭ᠎ᠠ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ᠰᠢᠨ᠎ᠡ | ᠭᠤᠷᠪᠠᠳᠤᠭᠠᠷ ᠰᠠᠮᠪᠠᠷ᠎ᠠ ᠶᠢᠨ ᠰᠣᠳᠣᠨ ᠳᠠᠪᠬᠤᠷᠭ᠎ᠠ ᠳᠤ ᠭᠠᠷᠤᠭᠰᠠᠨ ᠠᠵᠤ ᠠᠬᠤᠶᠢᠯᠠᠯ ᠢ 300 ᠲᠦᠮᠡᠨ ᠲᠥᠭᠦᠷᠢᠭ ᠢᠶᠠᠷ ᠱᠠᠩᠨᠠᠨ᠎ᠠ᠃ ᠮᠠᠨ ᠤ ᠬᠤᠲᠠ ᠶᠢᠨ | ᠬᠢᠯᠢ ᠶᠢᠨ ᠭᠠᠳᠠᠨᠠᠬᠢ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ︵ᠨᠢᠦ᠋ ᠶᠣᠷᠺ ᠤᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠠᠷᠠᠯᠵᠢᠶᠠᠨ ᠤ ᠭᠠᠵᠠᠷ | ᠵᠡᠷᠭᠡ︶ ᠲᠤ ᠠᠩᠬ᠎ᠠ ᠤᠳᠠᠭ᠎ᠠ ᠢᠯᠡ ᠪᠠᠷ ᠰᠲ᠋ᠣᠺ ᠲᠠᠷᠬᠠᠭᠠᠵᠤ ᠵᠠᠬ᠎ᠠ ᠳᠤ ᠭᠠᠷᠤᠭᠰᠠᠨ ᠠᠵᠤ ᠠᠬᠤᠶᠢᠯᠠᠯ ᠳᠤ᠂ ᠨᠢᠭᠡ ᠤᠳᠠᠭ᠎ᠠ ᠶᠢᠨ ᠴᠢᠨᠠᠷᠲᠠᠢ 500 | ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠬᠢᠭᠦᠯᠦᠨ ᠰᠠᠶᠢᠰᠢᠶᠠᠬᠤ ᠪᠤᠶᠤ ᠨᠢᠭᠡ ᠤᠳᠠᠭ᠎ᠠ ᠶᠢᠨ ᠴᠢᠨᠠᠷᠲᠠᠢ ᠱᠠᠩᠨᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ | ᠰᠢᠯᠭᠠᠯᠲᠠ ᠶᠢᠨ ᠱᠠᠩᠨᠠᠯ ᠲᠣᠬᠢᠷᠠᠭᠤᠯᠵᠤ᠂ ᠵᠢᠯ ᠪᠦᠷᠢ ᠨᠢᠭᠡ ᠤᠳᠠᠭ᠎ᠠ ᠰᠢᠯᠭᠠᠷᠠᠭᠤᠯᠤᠨ᠎ᠠ᠃ ᠪᠠᠩᠬᠢ ᠶᠢᠨ ᠪᠠᠶᠢᠭᠤᠯᠤᠮᠵᠢ ᠶᠢ ᠬᠢᠨᠠᠨ ᠰᠢᠯᠭᠠᠬᠤ ᠭᠦᠢᠴᠡᠳᠬᠡᠯ | ᠲᠤᠭ᠎ᠠ ᠳᠤ ᠭᠤᠣᠯᠳᠠᠭᠤ ᠣᠨ ᠤ ᠢᠲᠡᠭᠡᠮᠵᠢᠲᠦ ᠵᠢᠭᠡᠯᠡᠯᠭᠡ ᠶᠢᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ᠂ ᠨᠡᠮᠡᠭᠳᠡᠯ ᠤᠨ ᠬᠤᠷᠳᠤᠴᠠ᠂ | ᠢᠳᠡᠭᠡᠮᠵᠢ᠂ ᠰᠠᠭᠤᠷᠢ ᠮᠥᠩᠭᠦ ᠵᠡᠷᠭᠡ ᠶᠢ ᠲᠠᠯᠪᠢᠭᠰᠠᠨ ᠬᠡᠮᠵᠢᠶ᠎ᠡ ᠪᠠ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ | ᠲᠡᠳᠬᠦᠭᠰᠡᠨ ᠡᠷᠴᠢᠮ ᠢ ᠦᠵᠡᠵᠦ᠂ ᠶᠡᠷᠦᠩᠬᠡᠢ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠭᠰᠠᠨ ᠮᠥᠷᠲᠡᠭᠡᠨ ᠪᠥᠬᠦ ᠬᠤᠲᠠ ᠶᠢᠨ | ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠩᠬᠢ ᠶᠢᠨ ᠪᠠᠶᠢᠭᠤᠯᠤᠮᠵᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ | ᠲᠥᠭᠦᠷᠢᠭ ᠢᠶᠠᠷ ᠱᠠᠩᠨᠠᠨ᠎ᠠ᠃ ᠣᠨ ᠤ ᠰᠢᠨ᠎ᠡ ᠪᠠᠷ ᠨᠡᠮᠡᠭᠳᠡᠭᠰᠡᠨ ᠳᠠᠭᠠᠳᠬᠠᠯ ᠤᠨ ᠰᠦᠢᠳᠬᠡᠯ ᠤᠨ ᠣᠷᠣᠯᠭ᠎ᠠ ᠨᠢ ᠡᠮᠦᠨ᠎ᠡ ᠭᠤᠷᠪᠠ ᠳᠤ ᠵᠢᠭᠰᠠᠭᠠᠭᠳᠠᠭᠰᠠᠨ | ᠳᠠᠭᠠᠳᠬᠠᠯ ᠤᠨ ᠪᠠᠶᠢᠭᠤᠯᠤᠮᠵᠢ ᠶᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ | ᠲᠣᠪᠣᠶᠢᠮ᠎ᠠ ᠬᠤᠪᠢ ᠨᠡᠮᠡᠷᠢ ᠲᠠᠢ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠮᠥᠩᠭᠦᠨ ᠭᠦᠢᠯᠭᠡᠭᠡᠨ ᠤ ᠲᠥᠷᠥᠯ ᠤᠨ ᠪᠠᠶᠢᠭᠤᠯᠤᠮᠵᠢ ᠳᠤ ᠵᠣᠬᠢᠬᠤ | ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠰᠣᠶᠣᠯ ᠵᠢᠭᠤᠯᠴᠢᠯᠠᠯ ᠤᠨ ᠦᠢᠯᠡᠰ | ︵ᠠᠷᠪᠠᠨ ᠨᠠᠢᠮᠠ︶ ᠵᠢᠱᠢᠶ᠎ᠡ ᠦᠵᠡᠭᠦᠯᠬᠦ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠤᠯᠤᠰ | ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠪᠠ | ᠤᠯᠤᠰ ᠤᠨ ᠲᠠᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠠᠭᠤᠰᠤᠯᠴᠠᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠴᠣᠯᠠ ᠶᠢ ᠰᠢᠨ᠎ᠡ ᠪᠠᠷ | ᠣᠯᠣᠭᠰᠠᠨ ᠲᠥᠷᠥᠯ ᠵᠦᠢᠯ ᠳᠤ ᠤᠯᠤᠰ ᠤᠨ ᠲᠠᠰ ᠤᠨ ᠬᠢ ᠶᠢ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠬᠢ ᠶᠢ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠦ ᠨᠢᠭᠡᠴᠡ᠄ | ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠ ᠶᠢᠰᠦ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ | ᠰᠢᠨ᠎ᠡ ᠪᠠᠷ ᠦᠨᠡᠯᠡᠨ ᠲᠣᠭᠲᠠᠭᠠᠭᠰᠠᠨ ᠤᠯᠤᠰ ᠤᠨ 4A5A ᠦᠵᠡᠮᠵᠢ ᠶᠢᠨ ᠣᠷᠣᠨ ᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ 200 ᠲᠦᠮᠡᠨ | ᠲᠥᠭᠦᠷᠢᠭ᠂ 500 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ︶ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠲᠣᠭᠤᠷᠢᠭ ᠪᠣᠯᠭᠠᠨ ᠡᠭᠦᠳᠦᠨ | ᠪᠠᠶᠢᠭᠤᠯᠤᠭᠰᠠᠨ ᠳᠤ ᠨᠢᠭᠡ ᠤᠳᠠᠭ᠎ᠠ ᠶᠢᠨ ᠴᠢᠨᠠᠷᠲᠠᠢ 500 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ︽ᠰᠡᠯᠡᠭᠦᠴᠡᠯ ᠵᠢᠭᠤᠯᠴᠢᠯᠠᠯ | ᠠᠮᠠᠷᠠᠯᠲᠠ ᠶᠢᠨ ᠣᠷᠣᠨ︾ ᠢᠶᠠᠷ ᠦᠨᠡᠯᠡᠭᠳᠡᠭᠰᠡᠨ ᠳᠤ ᠨᠢᠭᠡ ᠤᠳᠠᠭ᠎ᠠ ᠶᠢᠨ ᠴᠢᠨᠠᠷᠲᠠᠢ 300 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠷᠢᠨ ᠨᠢᠭᠡ︶ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮ ᠪᠠ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠪᠣᠯᠪᠠᠰᠤᠷᠠᠭᠤᠯᠤᠯ ᠤᠨ ᠨᠥᠬᠦᠪᠦᠷᠢ ᠶᠢ | ᠤᠳᠠᠭ᠎ᠠ ᠪᠣᠯᠭᠠᠨ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ | ︵ᠬᠤᠷᠢᠨ ᠬᠤᠶᠠᠷ︶ ᠮᠡᠳᠡᠭᠦᠯᠦᠭᠡᠳ ᠤᠯᠤᠰ ᠤᠨ ᠲᠠᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠣᠯᠤᠭᠰᠠᠨ ᠳᠤ᠂ ᠬᠤᠲᠠ ᠶᠢᠨ ᠵᠠᠰᠠᠭ ᠤᠨ ᠣᠷᠳᠣᠨ | ᠠᠴᠠ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢ 300 ᠲᠦᠮᠡᠨ ᠲᠥᠭᠦᠷᠢᠭ ᠢᠶᠠᠷ ᠱᠠᠩᠨᠠᠨ᠎ᠠ︔ ᠮᠡᠳᠡᠭᠦᠯᠦᠭᠡᠳ ᠥᠪᠡᠷᠲᠡᠭᠡᠨ | ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠣᠯᠤᠭᠰᠠᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠲᠤ ᠬᠤᠲᠠ ᠶᠢᠨ ᠵᠠᠰᠠᠭ ᠤᠨ | ᠣᠷᠳᠣᠨ ᠠᠴᠠ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢ 100 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠭᠤᠷᠪᠠ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠲᠥᠯᠥᠪᠵᠢᠭᠦᠯᠬᠦ ᠠᠵᠢᠯ ᠢ ᠲᠡᠮᠵᠢᠵᠤ᠂ ᠤᠯᠤᠰ ᠤᠨ ᠲᠡᠰ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠠᠷ ᠦᠨᠡᠯᠡᠭᠳᠡᠭᠰᠡᠨ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠳᠤ | ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵ᠲᠥᠰᠥᠯ︶ ᠶᠢᠨ ᠵᠠᠷᠤᠳᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ | ᠪᠠᠷᠢᠮᠵᠢᠶ᠎ᠠ ᠶᠢ ᠲᠥᠯᠦᠪᠵᠢᠭᠦᠯᠭᠡ ︵ᠲᠥᠰᠥᠯ︶ ᠶᠢ ᠭᠠᠷᠭᠠᠬᠤ ᠭᠡᠷ᠎ᠡ ᠶᠢᠨ ᠵᠣᠭᠤᠰ ᠤᠨ ᠭᠤᠷᠪᠠᠨ ᠤ ᠨᠢᠭᠡ ᠪᠠᠷ ᠲᠣᠭᠲᠠᠵᠤ᠂ ᠨᠥᠬᠦᠪᠦᠷᠢ ᠮᠥᠩᠭᠦ ᠶᠢ | ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠳᠥᠷᠪᠡ︶ ᠳᠡᠯᠭᠡᠭᠦᠷ ᠤᠨ ᠲᠤᠭ᠎ᠠ ᠪᠠᠨ ᠥᠷᠭᠡᠳᠬᠡᠬᠦ ᠶᠢ ᠳᠡᠮᠵᠢᠨ᠎ᠡ᠃ ᠮᠠᠨ ᠤ ᠬᠤᠲᠠ ᠳᠤ ᠪᠠᠶᠢᠭ᠎ᠠ ᠰᠢᠭᠤᠳ ᠡᠵᠡᠩᠨᠡᠯᠲᠡ ᠪᠤᠶᠤ | ᠬᠤᠯᠪᠣᠭᠠᠨ ᠤ ᠳᠡᠯᠭᠡᠭᠦᠷ ᠤᠨ ᠲᠤᠭ᠎ᠠ ᠨᠢ 30 ᠶᠢ ᠳᠠᠪᠠᠭᠰᠠᠨ ᠲᠥᠷᠥᠯ ᠲᠡᠮᠳᠡᠭᠲᠦ ᠬᠡᠯᠬᠢᠶ᠎ᠡ ᠲᠥᠳᠡ ᠠᠵᠤ ᠠᠬᠤᠶᠢᠯᠠᠯ ᠳᠤ᠂ ︽ᠵᠢᠷᠭᠤᠭᠠᠨ ᠨᠢᠭᠡᠳᠦᠯᠲᠡᠢ︾ | ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ 50 ᠲᠡᠭᠰᠢ ᠳᠥᠷᠪᠡᠯᠵᠢᠨ ᠮᠧᠲᠷ ᠠᠴᠠ ᠪᠠᠭ᠎ᠠ ᠦᠭᠡᠢ ᠲᠠᠯᠠᠪᠠᠢ ᠲᠠᠢ ᠮᠥᠷᠲᠡᠭᠡᠨ ᠡᠵᠡᠩᠨᠡᠭᠰᠡᠨ ᠬᠤᠭᠤᠴᠠᠭ᠎ᠠ ᠨᠢ | ᠨᠢᠭᠡ ᠵᠢᠯ ᠠᠴᠠ ᠳᠣᠣᠷ᠎ᠠ ᠦᠭᠡᠢ ᠰᠢᠨ᠎ᠡ ᠪᠠᠷ ᠨᠡᠭᠡᠭᠡᠭᠰᠡᠨ ᠰᠢᠭᠤᠳ ᠡᠵᠡᠩᠨᠡᠯᠲᠡ ᠶᠢᠨ ᠳᠡᠯᠭᠡᠭᠦᠷ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ 2 ᠲᠦᠮᠡᠨ | ᠲᠥᠭᠦᠷᠢᠭ ᠤᠨ ᠨᠥᠬᠦᠪᠦᠷᠢ ᠣᠯᠭᠤᠵᠤ᠂ 50 ᠲᠡᠭᠰᠢ ᠳᠥᠷᠪᠡᠯᠵᠢᠨ ᠮᠧᠲᠷ ᠠᠴᠠ ᠪᠠᠭ᠎ᠠ ᠦᠭᠡᠢ ᠮᠥᠷᠲᠡᠭᠡᠨ ᠡᠵᠡᠩᠨᠡᠭᠰᠡᠨ ᠬᠤᠭᠤᠴᠠᠭ᠎ᠠ ᠨᠢ ᠨᠢᠭᠡ ᠵᠢᠯ ᠠᠴᠠ | ᠳᠣᠣᠷ᠎ᠠ ᠦᠭᠡᠢ ᠬᠤᠯᠪᠣᠭᠠᠨ ᠤ ᠳᠡᠯᠭᠡᠭᠦᠷ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ 1 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠳᠡᠭᠡᠷᠡᠬᠢ | ᠭᠠᠭᠴᠠ ᠬᠡᠯᠬᠢᠶ᠎ᠡ ᠠᠵᠤ ᠠᠬᠤᠶᠢᠯᠠᠯ ᠤᠨ ᠵᠢᠯ ᠪᠦᠷᠢ ᠶᠢᠨ ᠭᠥᠷᠳᠡᠬᠦ ᠲᠣᠰ ᠵᠦᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 100 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠲᠠᠪᠤ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠳᠤ ᠣᠷᠣᠵᠤ ᠰᠠᠭᠤᠭᠰᠠᠨ ᠲᠥᠷᠥᠯ ᠲᠡᠮᠳᠡᠭᠲᠦ ᠠᠵᠤ ᠠᠬᠤᠶᠢᠯᠠᠯ ᠢ | ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠳᠡᠯᠭᠡᠨ ᠦᠵᠡᠭᠦᠯᠬᠦ ᠪᠠᠶᠢᠷᠢ ᠶᠢᠨ ᠰᠦᠢᠳᠬᠡᠯ ᠤᠨ ᠨᠥᠬᠦᠪᠦᠷᠢ ᠣᠯᠭᠤᠳᠠᠭ | ᠣᠯᠠᠨ ᠤᠯᠤᠰ ᠤᠨ ᠴᠢᠨᠠᠷᠲᠠᠢ᠂ ᠪᠥᠬᠦ ᠤᠯᠤᠰ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠦᠵᠡᠰᠬᠦᠯᠡᠩ᠂ ᠲᠠᠨᠢᠯᠴᠠᠭᠤᠯᠭ᠎ᠠ ᠶᠢᠨ ᠬᠤᠷᠠᠯ ᠳᠤ | ᠤᠷᠢᠳᠠᠪᠠᠷ ᠲᠠᠨᠢᠯᠴᠠᠭᠤᠯᠤᠨ ᠣᠷᠣᠯᠴᠠᠭᠤᠯᠤᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠷ ᠠᠴᠢᠶᠠᠯᠠᠪᠤᠷᠢ ᠪᠣᠯᠭᠠᠨ ᠡᠯᠪᠡᠭ ᠪᠠᠶᠠᠯᠢᠭ ᠲᠠᠩᠰᠤᠭ | ᠰᠠᠶᠢᠬᠠᠨ ᠠᠮᠲᠠᠲᠤ ᠢᠳᠡᠭᠡᠨ ᠤ ᠪᠠᠶᠠᠷ ᠳᠤᠷᠠᠰᠬᠠᠯ ᠤᠨ ᠠᠵᠢᠯᠯᠠᠭ᠎ᠠ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠪᠠ ᠣᠯᠠᠨ ᠤᠯᠤᠰ ᠤᠨ | ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠷᠢᠨ ᠵᠢᠷᠭᠤᠭ᠎ᠠ︶ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠷᠭᠦᠯᠵᠢᠯᠡᠨ ᠡᠵᠡᠩᠨᠡᠵᠦ ᠪᠠᠶᠢᠭ᠎ᠠ ᠲᠣᠮᠣ ᠬᠡᠯᠪᠡᠷᠢ ᠶᠢᠨ ᠬᠤᠳᠠᠯᠳᠤᠭᠠᠨ ᠤ | ᠲᠠᠯᠠᠪᠤᠷ᠂ ᠬᠡᠲᠦ ᠳᠡᠯᠭᠡᠭᠦᠷ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠳ᠋ ᠪᠣᠳᠠᠰ᠂ ᠠᠷᠢᠭᠤᠳᠬᠠᠯ ᠤᠨ ᠵᠠᠷᠤᠯᠭ᠎ᠠ ᠶᠢᠨ ᠨᠦᠬᠦᠪᠦᠷᠢ ᠦᠭᠴᠦ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠳᠣᠯᠤᠭ᠎ᠠ︶ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠵᠣᠭᠤᠰ ᠤᠨ ᠲᠤᠭ᠎ᠠ ᠨᠢ 10 ᠲᠦᠮᠡᠨ | ᠳ᠋ᠣᠯᠯᠠᠷ ᠲᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ᠂ ᠠᠷᠠᠯᠵᠢᠶᠠᠨ ᠤ ᠵᠣᠭᠤᠰ ᠤᠨ ᠲᠤᠭ᠎ᠠ ᠶᠢᠨ 5% ᠪᠠᠷ | ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠨᠠᠢᠮᠠ︶ 20 ᠠᠴᠠ ᠣᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠠᠵᠤ ᠠᠬᠤᠶᠢᠯᠠᠯ ᠳᠤ ᠦᠢᠯᠡᠴᠢᠯᠡᠵᠦ᠂ ᠵᠢᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ 1000 ᠲᠦᠮᠡᠨ ᠳ᠋ᠣᠯᠯᠠᠷ ᠲᠤ | ᠬᠦᠷᠦᠭᠰᠡᠨ ᠭᠤᠷᠪᠠᠳᠠᠭᠢ ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠤ ᠠᠬᠤᠶᠢᠯᠠᠯ ᠳᠤ᠂ ᠰᠦᠯᠵᠢᠶᠡᠨ ᠳᠡᠭᠡᠷ᠎ᠡ | ᠠᠷᠠᠯᠵᠢᠶᠠᠯᠠᠭᠰᠠᠨ ᠵᠣᠭᠤᠰ ᠤᠨ ᠲᠤᠭ᠎ᠠ ᠶᠢᠨ 1% ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ | ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠨᠤᠲᠠᠯᠠᠨ ᠲᠤᠭᠲᠠᠭᠠᠭᠰᠠᠨ | ᠮᠥᠷᠲᠡᠭᠡᠨ ᠪᠦᠬᠦᠯᠢ ᠨᠢᠭᠡ ᠵᠢᠯ ᠡᠵᠡᠩᠨᠡᠭᠰᠡᠨ᠂ ᠪᠣᠳᠠᠲᠠᠢ ᠬᠡᠷᠡᠭᠯᠡᠭᠡᠨ ᠤ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠮᠥᠷᠲᠡᠭᠡᠨ | ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠢ 20 ᠶᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ᠂ ᠡᠵᠡᠩᠨᠡᠭᠴᠢ ᠶᠢᠨ ᠲᠠᠯ᠎ᠠ ᠳᠤ ᠲᠡᠭᠰᠢ ᠳᠥᠷᠪᠡᠯᠵᠢᠨ ᠮᠧᠲᠷ ᠪᠦᠷᠢ ᠳᠤ ᠠᠷᠠᠳ ᠤᠨ | ᠵᠣᠭᠤᠰ ᠢᠶᠠᠷ 100 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 | ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢ︶ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠮᠥᠷᠲᠡᠭᠡᠨ ᠪᠦᠬᠦᠯᠢ ᠨᠢᠭᠡ ᠵᠢᠯ | ᠡᠵᠡᠩᠨᠡᠭᠰᠡᠨ᠂ ᠵᠢᠯ ᠤᠨ ᠠᠷᠠᠯᠵᠢᠶᠠᠨ ᠤ ᠵᠣᠭᠤᠰ ᠤᠨ ᠲᠤᠭ᠎ᠠ ᠨᠢ 100 ᠲᠦᠮᠡᠨ ᠳ᠋ᠣᠯᠯᠠᠷ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | O2O ᠰᠦᠯᠵᠢᠶᠡᠨ ᠭᠠᠳᠠᠨᠠᠬᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠠᠷᠠᠳ ᠤᠨ | ᠵᠣᠭᠤᠰ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ | ︵ᠭᠤᠴᠢᠨ ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠪᠦᠲᠦᠭᠡᠨ ᠪᠠᠶᠢᠭᠤᠯᠬᠤ ᠶᠢ | ᠵᠥᠪᠰᠢᠶᠡᠷᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠥᠪᠡᠷᠲᠡᠭᠡᠨ ᠵᠠᠰᠠᠬᠤ ᠣᠷᠣᠨ ᠤ ᠳᠡᠮᠵᠢᠬᠦ ᠠᠷᠭ᠎ᠠ | ᠮᠠᠶ᠋ᠢᠭ ᠤᠨ ᠶᠣᠰᠣᠭᠠᠷ᠂ 1᠄ 1 ᠶᠢᠨ ᠢᠵᠢ ᠪᠦᠷᠢᠳᠦᠭᠦᠯᠬᠦ ᠵᠠᠷᠤᠳᠠᠯ ᠤᠨ ᠳᠡᠮᠵᠢᠯᠭᠡ ᠣᠯᠭᠤᠨ᠎ᠠ᠃ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠥᠪᠡᠷᠲᠡᠭᠡᠨ | ᠵᠠᠰᠠᠬᠤ ᠣᠷᠣᠨ ᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠵᠣᠬᠢᠬᠤ ᠢᠵᠢ | ᠪᠦᠷᠢᠳᠦᠭᠦᠯᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ ᠵᠡᠷᠭᠡ | ᠰᠤᠳᠤᠯᠤᠨ ᠨᠡᠭᠡᠭᠡᠬᠦ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ | ᠱᠠᠩᠨᠠᠯ ᠤᠨ ᠳᠡᠮᠵᠢᠯᠭᠡ ᠣᠯᠭᠤᠨ᠎ᠠ᠄ ᠰᠢᠨ᠎ᠡ ᠪᠠᠷ ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ | ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ | ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠤ ᠨᠢᠭᠡ ᠤᠳᠠᠭ᠎ᠠ ᠶᠢᠨ ᠴᠢᠨᠠᠷᠲᠠᠢ | 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠬᠤᠶᠠᠷ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠭᠠᠨ | ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠲᠣᠰ ᠲᠣᠰ 800 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠵᠠᠷᠤᠳᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠨᠤᠲᠠᠯᠠᠨ ᠲᠤᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠠᠬᠤᠶᠢᠯᠠᠯ ᠤᠨ ᠮᠡᠷᠭᠡᠵᠢᠯ ᠤᠨ ᠲᠥᠪ ᠲᠤ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠵᠠᠷᠤᠳᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠭᠤᠴᠢᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ | ᠣᠷᠣᠨ ᠬᠢᠭᠡᠳ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ | ᠣᠷᠣᠨ ᠳᠤ ᠨᠢᠭᠡ ᠤᠳᠠᠭ᠎ᠠ ᠶᠢᠨ ᠴᠢᠨᠠᠷᠲᠠᠢ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ | ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ | ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ | ᠬᠤᠪᠢᠷᠠᠭᠤᠯᠬᠤ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠶᠡᠭᠡ | ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ | ᠦᠵᠡᠭᠦᠯᠬᠦ ᠣᠷᠣᠨ ᠪᠤᠶᠤ ᠰᠠᠭᠤᠷᠢᠨ ᠭᠠᠵᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠪᠣᠳᠠᠲᠠᠢ ᠤᠯᠠᠷᠢᠭᠤᠯᠤᠨ ᠬᠤᠪᠢᠷᠠᠭᠤᠯᠤᠭᠰᠠᠨ | ᠪᠣᠯ 50 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠭᠤᠴᠢᠨ ᠳᠥᠷᠪᠡ︶ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ | ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ | ᠣᠯᠣᠭᠰᠠᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 20 | ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ | ᠵᠥᠪᠰᠢᠶᠡᠷᠡᠭᠳᠡᠭᠰᠡᠨ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ᠂ ᠪᠥᠬᠦᠳᠡ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠨᠢᠭᠡ ᠤᠳᠠᠭ᠎ᠠ ᠶᠢᠨ | ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠳᠠᠩᠰᠠᠯᠠᠭᠤᠯᠤᠭᠰᠠᠨ ᠤᠯᠤᠰ ᠤᠨ ᠲᠤᠰᠬᠠᠢ ᠮᠡᠷᠭᠡᠵᠢᠯ ᠤᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠤᠨ | ᠳᠡᠮᠵᠢᠯᠭᠡ ᠣᠯᠭᠤᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ᠂ 20 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠵᠢᠷᠭᠤᠭ᠎ᠠ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠱᠠᠩᠨᠠᠯ | ᠨᠥᠬᠦᠪᠦᠷᠢ ᠶᠢ ᠣᠯᠣᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ | ᠱᠠᠩᠨᠠᠯ ᠤᠨ ᠳᠡᠮᠵᠢᠯᠭᠡ ᠣᠯᠭᠤᠨ᠎ᠠ᠃ ᠳᠡᠭᠡᠷ᠎ᠡ ᠵᠢᠯ ᠨᠢ ᠪᠤᠶᠤ ᠲᠣᠰ ᠵᠢᠯ ᠳᠤ ᠨᠢᠭᠡᠨᠲᠡ ᠬᠥᠮᠥᠷᠭᠡ ᠳᠤ ᠣᠷᠣᠭᠰᠠᠨ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠩᠬ᠎ᠠ ᠤᠳᠠᠭ᠎ᠠ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠠᠨᠢᠯᠴᠠᠭᠤᠯᠤᠨ ᠮᠡᠳᠡᠭᠦᠯᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 | ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠳᠣᠯᠤᠭ᠎ᠠ︶ ᠠᠵᠤ ᠠᠬᠤᠶᠢᠯᠠᠯ ᠤᠯᠤᠰ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠵᠤ | ᠮᠡᠳᠡᠭᠦᠯᠬᠦ ᠶᠢ ᠳᠡᠮᠵᠢᠨ᠎ᠡ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠲᠣᠰ ᠭᠠᠵᠠᠷ | ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ ᠰᠢᠯᠭᠠᠨ ᠠᠪᠬᠤ ᠶᠢ ᠦᠩᠭᠡᠷᠡᠵᠦ᠂ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 | ︱ 500 ᠲᠦᠮᠡᠨ ᠲᠥᠭᠦᠷᠢᠭ ︵500 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 500 ᠲᠦᠮᠡᠨ | ᠲᠥᠭᠦᠷᠢᠭ ᠠᠴᠠ 1000 ᠲᠦᠮᠡᠨ ᠲᠥᠭᠦᠷᠢᠭ ︵1000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ | 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ | ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠎ᠡ᠃ ᠰᠢᠨ᠎ᠡ ᠪᠠᠷ | ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ | ᠣᠯᠣᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ 10 ᠲᠦᠮᠡᠨ ᠲᠥᠭᠦᠷᠢᠭ ᠤᠨ | ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠴᠢ ᠶᠢᠰᠦ︶ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠰᠢᠨ᠎ᠡ ᠶᠢ ᠡᠭᠦᠳᠬᠦ ᠲᠥᠪ᠂ ᠲᠤᠰᠠᠭᠠᠷ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ︽ | ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠪᠠᠶᠢᠭᠤᠯᠬᠤ ᠶᠢ ᠳᠡᠮᠵᠢᠵᠦ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠬᠥᠬᠡᠬᠤᠲᠠ ᠳᠤ ᠠᠪᠴᠢᠷᠠᠨ | ᠤᠯᠠᠷᠢᠭᠤᠯᠤᠨ ᠬᠤᠪᠢᠷᠠᠭᠤᠯᠤᠭᠰᠠᠨ ᠮᠥᠷᠲᠡᠭᠡᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 50— | 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢ︶ ᠠᠵᠤ ᠠᠬᠤᠶᠢᠯᠠᠯ ᠤᠨ ᠬᠡᠷᠡᠭᠵᠢᠬᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ | ᠲᠥᠷᠥᠯ ᠵᠦᠢᠯ ᠳᠤ᠂ ᠲᠥᠷᠥᠯ ᠵᠦᠢᠯ ᠤᠨ ᠦᠢᠯᠡᠳᠪᠦᠷᠢᠯᠡᠯ ᠤᠨ ᠴᠢᠨᠠᠷᠲᠠᠢ ᠪᠡᠯᠡ ᠣᠷᠣᠭᠤᠯᠤᠯᠲᠠ ︵ᠰᠤᠳᠤᠯᠤᠨ ᠨᠡᠭᠡᠭᠡᠬᠦ ᠣᠷᠣᠭᠤᠯᠤᠯᠲᠠ ᠶᠢ ᠪᠠᠭᠲᠠᠭᠠᠨ᠎ᠠ︶ | ᠶᠢᠨ 20% ᠪᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠠᠵᠤ | ᠠᠬᠤᠶᠢᠯᠠᠯ ᠭᠤᠣᠯᠯᠠᠨ ᠲᠣᠭᠲᠠᠭᠠᠭᠰᠠᠨ ᠪᠥᠭᠡᠳ ᠵᠥᠪᠰᠢᠶᠡᠷᠡᠭᠳᠡᠭᠰᠡᠨ ᠣᠯᠠᠨ ᠤᠯᠤᠰ ᠤᠨ ᠪᠠᠷᠢᠮᠵᠢᠶ᠎ᠠ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠳᠤ | ᠪᠠᠷᠢᠮᠵᠢᠶ᠎ᠠ ᠨᠢᠭᠡᠪᠦᠷᠢ ᠶᠢ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ︔ ᠠᠵᠤ ᠠᠬᠤᠶᠢᠯᠠᠯ ᠣᠯᠠᠨ ᠤᠯᠤᠰ ᠤᠨ | ᠪᠠᠷᠢᠮᠵᠢᠶ᠎ᠠ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠪᠥᠭᠡᠳ ᠵᠥᠪᠰᠢᠶᠡᠷᠡᠭᠳᠡᠪᠡᠯ᠂ ᠪᠠᠷᠢᠮᠵᠢᠶ᠎ᠠ ᠨᠢᠭᠡᠪᠦᠷᠢ ᠶᠢ | ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ ᠢᠶᠠᠷ ᠱᠠᠩᠨᠠᠵᠤ᠂ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠪᠡᠯᠡ | ᠮᠥᠩᠭᠦ ᠶᠢ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ | ︵ᠳᠥᠴᠢᠨ ᠨᠢᠭᠡ︶ ᠨᠡᠶᠢᠭᠡᠮ ᠤᠨ ᠬᠦᠴᠦᠨ ᠠᠴᠠ ᠡᠷᠬᠢᠯᠡᠭᠰᠡᠨ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠪᠠᠶᠢᠭᠤᠯᠤᠮᠵᠢ ᠶᠢᠨ | ᠡᠪᠡᠳᠴᠢᠲᠡᠨ ᠤ ᠣᠷᠣ ᠶᠢᠨ ᠡᠵᠡᠩᠨᠡᠯᠲᠡ ᠶᠢᠨ ᠨᠥᠬᠦᠪᠦᠷᠢ ᠳᠤ᠂ ᠲᠣᠰ ᠬᠤᠲᠠ ᠶᠢᠨ ᠡᠷᠦᠬᠡ ᠠᠮᠠ ᠲᠠᠢ ᠳᠤᠮᠳᠠ ᠵᠡᠷᠭᠡ ᠪᠠᠷ ᠂ ᠬᠦᠨᠳᠦ ᠵᠡᠷᠭᠡ ᠪᠠᠷ | ᠴᠢᠳᠠᠪᠤᠷᠢ ᠪᠠᠨ ᠠᠯᠳᠠᠭᠰᠠᠨ ᠣᠶᠤᠨ ᠨᠢ ᠪᠠᠯᠠᠷᠠᠭᠰᠠᠨ ᠨᠠᠰᠤᠲᠠᠶᠢᠴᠤᠳ ᠲᠤ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ | ᠣᠷᠣ ᠶᠢᠨ ᠦᠢᠯᠡᠴᠢᠯᠡᠭᠡ ᠬᠠᠩᠭᠠᠭᠰᠠᠨ ᠪᠣᠯ᠂ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠶᠡᠷᠦᠩᠬᠡᠶᠢᠯᠡᠭᠰᠡᠨ | ᠡᠵᠡᠩᠨᠡᠯᠲᠡ ᠶᠢᠨ ᠨᠥᠬᠦᠪᠦᠷᠢ ᠬᠦᠷᠲᠡᠵᠦ᠂ ᠦᠨᠳᠦᠰᠦᠨ ᠪᠠᠷᠢᠮᠵᠢᠶ᠎ᠠ ᠡᠵᠡᠩᠨᠡᠯᠲᠡ ᠶᠢᠨ ᠨᠥᠬᠦᠪᠦᠷᠢ ᠶᠢ ᠲᠣᠰ ᠲᠣᠰ 150 ᠲᠥᠭᠦᠷᠢᠭ/ᠬᠥᠮᠥᠨ/ᠰᠠᠷ᠎ᠠ᠂ 200 | ᠲᠥᠭᠦᠷᠢᠭ/ᠬᠥᠮᠥᠨ/ᠰᠠᠷ᠎ᠠ ᠶᠢᠨ ᠪᠠᠷᠢᠮᠵᠢᠶ᠎ᠠ ᠪᠠᠷ ᠣᠯᠭᠤᠵᠤ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ᠂ ᠲᠠᠪᠤᠳᠤᠭᠠᠷ ᠳᠡᠰ ᠤᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠨᠥᠬᠦᠪᠦᠷᠢ ᠶᠢ ᠲᠣᠰ ᠲᠣᠰ ᠦᠨᠳᠦᠰᠦᠨ ᠪᠠᠷᠢᠮᠵᠢᠶ᠎ᠠ ᠨᠥᠬᠦᠪᠦᠷᠢ ᠶᠢᠨ 0.9 ᠳᠠᠬᠢᠨ᠂ | 1 ᠳᠠᠬᠢᠨ᠂ 1.1 ᠳᠠᠬᠢᠨ᠂ 1.2 ᠳᠠᠬᠢᠨ ᠢᠶᠠᠷ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶ | ︵ᠳᠥᠴᠢᠨ ᠬᠤᠶᠠᠷ︶ ᠵᠠᠰᠠᠭ ᠤᠨ ᠣᠷᠳᠣᠨ ᠠᠴᠠ ᠬᠤᠳᠠᠯᠳᠤᠨ ᠠᠪᠤᠭᠰᠠᠨ ᠦᠢᠯᠡᠴᠢᠯᠡᠭᠡ ᠶᠢ ᠭᠤᠷᠪᠠᠳᠠᠭᠢ ᠡᠲᠡᠭᠡᠳ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠬᠠᠩᠭᠠᠵᠤ ᠪᠠᠶᠢᠭ᠎ᠠ ᠪᠠᠶᠢᠭᠤᠯᠤᠮᠵᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠵᠢᠯ ᠪᠦᠷᠢ ᠦᠨᠡᠯᠡᠯᠲᠡ ᠬᠢᠨ᠎ᠡ᠃ ᠦᠨᠡᠯᠡᠯᠲᠡ ᠳᠤ ᠦᠢᠯᠡᠴᠢᠯᠡᠭᠡᠨ ᠤ ᠶᠠᠰᠤ ᠴᠢᠨᠠᠷ ᠨᠢ 4A ᠲᠠᠰ ᠠᠴᠠ ᠳᠡᠭᠡᠭᠰᠢ ᠭᠡᠷ ᠪᠦᠯᠢ ᠶᠢᠨ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡᠨ ᠤ ᠶᠠᠰᠤ ᠴᠢᠨᠠᠷ ᠪᠠ | ᠲᠤᠭ᠎ᠠ ᠬᠡᠮᠵᠢᠶ᠎ᠡ ᠶᠢ ᠨᠢ ᠦᠨᠳᠦᠰᠦᠯᠡᠨ 3 ︱ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ︶ | ︵ᠳᠥᠴᠢᠨ ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠬᠡᠷᠡᠭᠯᠡᠭᠡᠨ ᠤ ᠵᠠᠷᠤᠯᠭ᠎ᠠ ᠪᠤᠶᠤ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ ᠲᠣᠬᠢᠷᠠᠭᠤᠯᠤᠨ᠎ᠠ᠃ ᠣᠨᠴᠠ | ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 | ᠳᠠᠬᠢᠨ ᠠᠴᠠ ᠳᠣᠣᠷ᠎ᠠ ᠦᠭᠡᠢ ᠪᠠᠷ ᠲᠣᠭᠲᠠᠭᠠᠨ᠎ᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ ᠠᠯᠳᠠᠭᠰᠠᠨ ᠣᠨᠴᠠ | ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠪᠥᠬᠦ ᠬᠤᠲᠠ ᠶᠢᠨ ᠲᠦᠷᠦᠭᠦᠸ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ | 65%᠂ 25% ᠪᠠᠷ ᠯᠠᠪᠯᠠᠯᠲᠠ ᠪᠣᠯᠭᠠᠵᠤ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶ | ︵ᠳᠥᠴᠢᠨ ᠳᠥᠷᠪᠡ︶ ᠨᠡᠶᠢᠭᠡᠮ ᠠᠴᠠ ᠡᠷᠭᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠳᠤ 6000 ᠲᠥᠭᠦᠷᠢᠭ/ᠣᠷᠣ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠳᠤ 4000 | ᠲᠥᠭᠦᠷᠢᠭ/ᠣᠷᠣ᠂ ᠲᠦᠷᠢᠶᠡᠰᠦᠯᠡᠭᠰᠡᠨ ᠳᠤ 2000 ᠲᠥᠭᠦᠷᠢᠭ/ᠣᠷᠣ ᠶᠢᠨ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠬᠢᠨ ᠲᠣᠰ ᠲᠣᠰ 5000 ᠲᠥᠭᠦᠷᠢᠭ/ᠣᠷᠣ᠂ 2000 ᠲᠥᠭᠦᠷᠢᠭ/ᠣᠷᠣ᠂ 1000 ᠲᠥᠭᠦᠷᠢᠭ/ᠣᠷᠣ ᠶᠢᠨ | ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠵᠤ᠂ ᠨᠥᠬᠦᠪᠦᠷᠢ ᠪᠡᠯᠡ ᠮᠥᠩᠭᠦ ᠶᠢ 3᠄ 3᠄ 4 ᠶᠢᠨ ᠬᠠᠷᠢᠴᠠᠯ ᠢᠶᠠᠷ | ᠭᠤᠷᠪᠠᠨ ᠵᠢᠯ ᠬᠤᠪᠢᠶᠠᠨ ᠥᠭᠭᠦᠨ᠎ᠡ᠃ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ ᠶᠢ ᠥᠪᠡᠷᠲᠡᠭᠡᠨ ᠵᠠᠰᠠᠬᠤ ᠣᠷᠣᠨ ᠤ 100 ︱ 300 | ᠲᠥᠭᠦᠷᠢᠭ ᠤᠨ ᠨᠦᠬᠦᠪᠦᠷᠢ ᠶᠢ ᠬᠡᠷᠡᠭᠵᠢᠬᠦᠯᠦᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ᠲᠠᠬᠢᠭᠠᠳ ᠳᠡᠭᠡᠷ᠎ᠡ ᠨᠢ 100 ︱ 300 ᠲᠥᠭᠦᠷᠢᠭ ᠤᠨ | ᠣᠷᠣ ᠶᠢᠨ ᠡᠵᠡᠩᠨᠡᠯᠲᠡ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶ | ︵ᠳᠥᠴᠢᠨ ᠲᠠᠪᠤ︶ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠥᠷᠭᠡᠳᠬᠡᠵᠦ᠂ ᠭᠡᠷ ᠠᠬᠤᠢ ᠶᠢᠨ ᠠᠵᠢᠯ | ᠲᠥᠷᠥᠯ ᠤᠨ ᠨᠡᠶᠢᠭᠡᠮᠯᠢᠭ᠂ ᠭᠡᠷ ᠠᠬᠤᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠶᠢ ᠳᠡᠮᠵᠢᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠡᠷ ᠠᠬᠤᠢ ᠶᠢᠨ ᠬᠥᠳᠡᠯᠮᠦᠷᠢ ᠬᠦᠴᠦ ᠶᠢ ᠭᠠᠷᠭᠠᠬᠤ ᠰᠠᠭᠤᠷᠢᠨ ᠭᠠᠵᠠᠷ ᠢᠶᠠᠷ | ᠨᠤᠲᠠᠯᠠᠨ ᠲᠤᠭᠲᠠᠭᠠᠭᠰᠠᠨ ᠮᠥᠷᠲᠡᠭᠡᠨ ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠠᠵᠢᠯ ᠣᠯᠭᠤᠭᠰᠠᠨ ᠲᠤᠭ᠎ᠠ ᠪᠠᠷ ᠣᠯᠠᠨ᠂ ᠦᠷ᠎ᠡ ᠪᠦᠲᠦᠮᠵᠢ ᠪᠠᠷ | ᠰᠠᠶᠢᠨ ᠢ ᠨᠢ ᠨᠢᠭᠡ ᠤᠳᠠᠭ᠎ᠠ ᠶᠢᠨ ᠴᠢᠨᠠᠷᠲᠠᠢ ᠱᠠᠩᠨᠠᠨ᠎ᠠ᠃ ᠦᠢᠯᠡᠰ ᠪᠣᠰᠬᠠᠵᠤ ᠠᠵᠢᠯ ᠣᠯᠭᠤᠬᠤ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ | ᠪᠡᠯᠡ ᠮᠥᠩᠭᠦ ᠪᠠᠷ ᠳᠠᠮᠵᠢᠭᠤᠯᠤᠨ᠂ ᠭᠡᠷ ᠠᠬᠤᠢ ᠶᠢᠨ ᠪᠣᠯᠪᠠᠰᠤᠷᠠᠭᠤᠯᠤᠯ ᠥᠷᠨᠢᠭᠦᠯᠳᠡᠭ᠂ ᠭᠡᠷ ᠠᠬᠤᠢ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ | ᠬᠠᠩᠭᠠᠳᠠᠭ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠪᠠ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢᠨ ᠵᠢᠷᠭᠤᠭ᠎ᠠ︶ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠰᠬᠠᠢ ᠵᠦᠢᠯ ᠤᠨ ᠢᠨᠵᠧᠨᠧᠷᠢᠩ ᠢ ᠥᠷᠨᠢᠭᠦᠯᠵᠦ᠂ | ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ ᠲᠦᠰᠢᠭᠯᠡᠨ ᠰᠢᠭᠢᠳᠬᠡᠭᠰᠡᠨ ᠮᠠᠶ᠋ᠢᠭ ᠤᠨ᠂ ᠲᠠᠷᠬᠠᠮᠠᠯ ᠮᠠᠶ᠋ᠢᠭ ᠤᠨ᠂ ᠬᠡᠯᠬᠢᠶ᠎ᠡ ᠮᠠᠶ᠋ᠢᠭ ᠤᠨ᠂ ᠲᠤᠰᠬᠠᠢ ᠮᠡᠷᠭᠡᠵᠢᠯ ᠤᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠪᠠᠶᠢᠭᠤᠯᠵᠤ᠂ ᠡᠳᠦᠷ ᠢᠶᠠᠷ ᠰᠠᠭᠠᠲᠠᠭᠤᠯᠬᠤ᠂ ᠴᠠᠭ ᠢᠶᠠᠷ ᠰᠠᠭᠠᠲᠠᠭᠤᠯᠬᠤ ᠵᠡᠷᠭᠡ ᠲᠦᠭᠡᠮᠡᠯ | ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠲᠡᠮᠵᠢᠵᠦ᠂ ᠤᠯᠤᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠤᠰᠬᠠᠢ | ᠵᠦᠢᠯ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠳᠤ ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢᠨ ᠳᠣᠯᠤᠭ᠎ᠠ︶ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠶᠢᠨ | ᠡᠷᠴᠢᠮ ᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠪᠠ ᠬᠡᠦᠬᠡᠳ ᠢᠶᠠᠨ ᠨᠠᠶᠢᠳᠠᠨ ᠠᠰᠠᠷᠠᠭᠤᠯᠬᠤ᠂ ᠰᠣᠶᠣᠯ ᠢᠶᠠᠨ ᠬᠠᠮᠠᠭᠠᠯᠠᠵᠤ | ᠤᠯᠠᠮᠵᠢᠯᠠᠵᠤ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠯᠤᠭ᠎ᠠ᠂ ᠶᠡᠷᠦᠩᠬᠡᠢ ᠬᠡᠯᠲᠡᠰ ᠤᠨ ᠠᠵᠤ ᠠᠬᠤᠢ | ︵ᠳᠥᠴᠢᠨ ᠨᠠᠢᠮᠠ︶ ᠮᠠᠨ ᠤ ᠬᠤᠲᠠ ᠳᠤ ᠥᠪᠡᠷ ᠢᠶᠠᠨ ᠪᠠᠶᠢᠭᠤᠯᠤᠭᠰᠠᠨ ᠪᠤᠶᠤ ᠠᠯᠪᠠᠨ ᠭᠡᠷ᠂ ᠶᠡᠷᠦᠩᠬᠡᠢ ᠬᠡᠯᠲᠡᠰ ᠤᠨ ᠲᠣᠮᠣ ᠠᠰᠠᠷ ᠤᠨ ᠠᠵᠢᠯᠯᠠᠬᠤ | ᠲᠠᠯᠠᠪᠤᠷ ᠭᠠᠵᠠᠷ ᠬᠤᠳᠠᠯᠳᠤᠨ ᠠᠪᠤᠭᠰᠠᠨ ᠮᠠᠨ ᠤ ᠬᠤᠲᠠ ᠳᠤ ᠰᠢᠨ᠎ᠡ ᠪᠠᠷ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ 500 | ᠲᠥᠭᠦᠷᠢᠭ/ᠲᠡᠭᠰᠢ ᠳᠥᠷᠪᠡᠯᠵᠢᠨ ᠮᠧᠲᠷ ᠢᠶᠠᠷ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠶᠡᠷᠦᠩᠬᠡᠢ ᠲᠤᠭ᠎ᠠ ᠶᠢ 500 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ᠮᠠᠨ ᠤ ᠬᠤᠳᠠ ᠶᠢᠨ ᠣᠷᠣᠨ ᠪᠦᠰᠡ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷ ᠲᠡᠭᠡᠨ ᠬᠡᠷᠡᠭᠯᠡᠬᠦ ᠠᠯᠪᠠᠨ | ᠭᠡᠷ ᠪᠣᠯᠭᠠᠨ ᠲᠦᠷᠢᠶᠡᠰᠦᠯᠡᠭᠰᠡᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠵᠢᠯ ᠤᠨ ᠲᠦᠷᠢᠶᠡᠰᠦᠨ ᠮᠥᠩᠭᠦ ᠶᠢ ᠲᠦᠷᠦᠭᠦᠦ 3 ᠵᠢᠯ ᠳᠤ 100% ᠪᠠᠷ᠂ | 4 ᠳ᠋ᠦ᠋ᠭᠡᠷ ᠵᠢᠯ ᠠᠴᠠ 5 ᠳ᠋ᠤᠭᠠᠷ ᠵᠢᠯ ᠳᠤ 50% ᠪᠠᠷ ᠨᠥᠬᠦᠪᠦᠷᠢ ᠣᠯᠭᠤᠨ᠎ᠠ᠃ ᠨᠥᠬᠦᠪᠦᠷᠢ ᠥᠭᠬᠦ ᠲᠠᠯᠠᠪᠠᠢ ᠶᠢᠨ ᠪᠠᠷᠢᠮᠵᠢᠶ᠎ᠠ ᠶᠢ 10 ᠲᠡᠭᠰᠢ | ᠳᠥᠷᠪᠡᠯᠵᠢᠨ ᠮᠧᠲᠷ/ ᠬᠥᠮᠥᠨ ᠠᠴᠠ ᠬᠡᠲᠦᠷᠡᠭᠦᠯᠬᠦ ᠦᠭᠡᠢ᠂ ᠨᠥᠬᠦᠪᠦᠷᠢ ᠥᠭᠬᠦ ᠶᠡᠷᠦᠩᠬᠡᠢ ᠲᠠᠯᠠᠪᠠᠢ ᠶᠢ 1000 ᠲᠡᠭᠰᠢ ᠳᠥᠷᠪᠡᠯᠵᠢᠨ ᠮᠧᠲᠷ ᠠᠴᠠ | ᠬᠡᠲᠦᠷᠡᠭᠦᠯᠬᠦ ᠦᠭᠡᠢ ︵ᠠᠵᠤ ᠠᠬᠤᠶᠢᠯᠠᠯ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠥᠮᠥᠨ ᠤ | ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠴᠢ ᠶᠢᠰᠦ︶ ᠮᠠᠨ ᠤ ᠬᠤᠲᠠ ᠶᠢᠨ ᠨᠤᠲᠠᠯᠠᠨ ᠲᠣᠭᠲᠠᠭᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠠᠩᠬ᠎ᠠ ᠤᠳᠠᠭ᠎ᠠ ᠵᠢᠯ ᠤᠨ | ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ᠂ 100 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ᠂ 30 ᠳ᠋ᠦᠩᠰᠢᠭᠤᠷ | ᠲᠥᠭᠦᠷᠢᠭ ᠢ ᠳᠠᠪᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠲᠣᠰ ᠲᠣᠰ 1000 ᠲᠦᠮᠡᠨ ᠲᠥᠭᠦᠷᠢᠭ᠂ 500 | ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠲᠠᠪᠢ︶ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠪᠢᠴᠢᠬᠠᠨ ᠠᠪᠤᠷᠭᠤ ᠠᠵᠤ ᠠᠬᠤᠶᠢᠯᠠᠯ ᠤᠨ | ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠶᠠᠰᠤ ᠴᠢᠨᠠᠷ ᠤᠨ ᠬᠡᠪ | ᠳᠠᠭᠤᠷᠢᠶᠠᠯ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠢᠷᠠᠭᠤ ᠠᠯᠳᠠᠷ ᠤᠨ | ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ | ᠬᠠᠷᠠᠭᠠᠯᠵᠠᠭᠰᠠᠨ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ ᠲᠣᠰ ᠲᠣᠰ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ | ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠢᠨ ᠨᠢᠭᠡ︶ ᠶᠡᠷᠦᠩᠬᠡᠢ ᠬᠡᠯᠲᠡᠰ ᠤᠨ ᠠᠵᠤ ᠠᠬᠤᠶᠢᠯᠠᠯ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠠᠩᠭᠢᠯᠠᠭ᠎ᠠ ᠶᠢᠨ | ᠢᠵᠢ ᠪᠦᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠪᠠᠯ᠂ ᠣᠷᠣᠭᠤᠯᠤᠨ ᠠᠪᠴᠢᠷᠠᠭᠰᠠᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠦᠨᠳᠦᠰᠦᠯᠡᠨ ᠱᠠᠩᠨᠠᠵᠤ᠂ 5000 | ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ︵ᠪᠠᠭᠲᠠᠨ᠎ᠠ︶ ᠪᠡᠯᠡ ᠣᠷᠣᠭᠤᠯᠤᠭᠰᠠᠨ ᠪᠠᠶᠢᠪᠠᠯ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠨᠠᠢᠮᠠ᠂ ᠦᠢᠯᠡᠴᠢᠯᠡᠭᠡᠨ ᠤ ᠠᠷᠠᠯᠵᠢᠶ᠎ᠠ | ︵ᠲᠠᠪᠢᠨ ᠬᠤᠶᠠᠷ︶ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ | ᠲᠤᠬᠠᠢ ᠶᠢᠨ ᠵᠢᠯ ᠤᠨ ᠬᠢᠯᠢ ᠠᠴᠠ ᠭᠠᠷᠬᠤ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠭᠡᠷ᠎ᠡ ᠶᠢᠨ ᠪᠥᠬᠦ ᠲᠤᠭ᠎ᠠ ᠨᠢ 100 ᠲᠦᠮᠡᠨ ᠳ᠋ᠣᠯᠯᠠᠷ ᠠᠴᠠ | ᠳᠡᠭᠡᠭᠰᠢ ᠪᠠᠶᠢᠪᠠᠯ᠂ 1 ᠳ᠋ᠣᠯᠯᠠᠷ ᠪᠦᠷᠢ ᠳᠤ 0.01 ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠬᠠᠮᠤᠭ ᠥᠨᠳᠥᠷ ᠲᠡᠭᠡᠨ 10 ᠲᠦᠮᠡᠨ ᠲᠥᠭᠦᠷᠢᠭ | ᠠᠷᠠᠳ ᠤᠨ ᠵᠣᠭᠤᠰ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠲᠠᠪᠢᠨ ᠭᠤᠷᠪᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠡᠰ ᠤᠨ ᠨᠤᠲᠠᠯᠠᠯᠲᠠ ᠶᠢ ᠣᠯᠣᠭᠰᠠᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ | ᠨᠥᠬᠦᠪᠦᠷᠢ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ 30% ᠠᠴᠠ ᠬᠡᠲᠦᠷᠡᠭᠦᠯᠬᠦ ᠦᠭᠡᠢ᠂ | ᠭᠠᠭᠴᠠ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠤᠨ ᠨᠦᠬᠦᠪᠦᠷᠢ ᠦᠭᠭᠦᠨ᠎ᠡ᠃ ︵ᠬᠠᠷᠢᠭᠤᠴᠠᠯᠭᠠᠲᠤ | ᠨᠢᠭᠡᠴᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠶᠢᠰᠦ᠂ ᠪᠤᠰᠤᠳ ᠲᠥᠷᠥ ᠶᠢᠨ ᠪᠣᠳᠣᠯᠭ᠎ᠠ | ︵ᠲᠠᠪᠢᠨ ᠳᠥᠷᠪᠡ︶ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠠᠵᠢᠯ ᠤᠨ ᠲᠡᠷᠭᠡ᠂ ᠬᠦᠷᠳᠦᠲᠦ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠲᠡᠷᠭᠡ | ᠣᠩᠭᠤᠴᠠ ᠶᠢᠨ ᠭᠠᠶᠢᠯᠢ ᠶᠢᠨ ᠲᠣᠬᠢᠷᠠᠬᠤ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠬᠤ | ᠭᠠᠶᠢᠯᠢ ᠶᠢᠨ ᠲᠤᠭ᠎ᠠ ᠶᠢᠨ 50% ᠪᠠᠷ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠲᠠᠪᠢᠨ ᠲᠠᠪᠤ︶ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ | ᠬᠠᠰᠤᠵᠤ ᠬᠡᠯᠲᠦᠷᠢᠭᠦᠯᠦᠨ᠎ᠡ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠣᠷᠣᠨ ᠪᠦᠰᠡ ︵ᠳᠤᠮᠳᠠ ᠥᠨᠳᠥᠷ ᠲᠡᠰ ᠤᠨ ᠲᠦᠭᠰᠢᠭᠦᠷᠢ | ᠲᠠᠢ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ | ᠨᠥᠯᠥᠭᠡᠯᠡᠭᠳᠡᠭᠰᠡᠨ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠰ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠢᠭᠤᠯᠴᠢᠯᠠᠯ ᠤᠨ ᠦᠢᠯᠡᠰ ᠠᠴᠠ 3 ᠰᠠᠷ᠎ᠠ ᠲᠦᠷᠢᠶᠡᠰᠦᠨ ᠮᠥᠩᠭᠦ ᠬᠤᠷᠢᠶᠠᠬᠤ | ᠦᠭᠡᠢ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠲᠦᠷᠢᠶᠡᠰᠦᠨ ᠮᠥᠩᠭᠦ | ᠬᠡᠯᠲᠦᠷᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ᠎ᠡ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠬᠤᠲᠠ ᠶᠢᠨ ᠬᠠᠷᠢᠶ᠎ᠠ ᠡᠯ᠎ᠡ ᠤᠯᠤᠰ ᠤᠨ | ᠥᠮᠴᠢᠯᠡᠯᠲᠦ ᠠᠵᠤ ᠠᠬᠤᠶᠢᠯᠠᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠ᠂ ᠲᠣᠰ ᠨᠠᠷᠢᠨ ᠬᠠᠭᠤᠳᠠᠰᠤ ᠶᠢᠨ ᠳᠣᠲᠣᠷᠠᠬᠢ ᠲᠥᠷᠥ ᠶᠢᠨ ᠪᠣᠳᠣᠯᠭ᠎ᠠ ᠶᠢ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ | ᠨᠠᠶᠢᠳᠠᠪᠤᠷᠢᠵᠢᠭᠤᠯᠤᠨ᠎ᠠ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ | ᠠᠰᠲᠠᠭᠠᠨ ᠲᠣᠭᠲᠠᠭᠠᠯ ᠲᠠᠢ ᠪᠣᠯ ᠤᠤᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | | ᠬᠦᠴᠦᠨ ᠦᠭᠡᠢ ᠪᠣᠯᠭᠠᠪᠠ︕ |