6 ᠳ᠋ᠤᠭᠠᠷ ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ | ᠬᠤᠷᠴᠠ ᠴᠢᠩ ᠱᠦᠶ ᠾᠧ ᠰᠢᠶᠠᠨ ᠤ ᠵᠠᠰᠠᠭ ᠤᠨ ᠣᠷᠳᠣᠨ ᠤ 2022 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ ᠪᠦᠬᠦ ᠰᠢᠶᠠᠨ ᠤ 2022 ᠣᠨ ᠤ ᠳᠡᠭᠡᠷ᠎ᠡ ᠬᠠᠭᠠᠰ ᠵᠢᠯ ᠤᠨ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠢᠩ ᠱᠦᠢ ᠡᡁᠧ ᠰᠢᠶᠠᠨ ᠤ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵ | 2021 — 2030︶︾᠂ ︽ᠴᠢᠩ ᠱᠦᠢ ᠡᡁᠧ ᠰᠢᠶᠠᠨ ᠤ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ | ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠡᠯ᠎ᠡ | ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠠᠯᠭᠤᠯᠵᠤ᠂ ︽ᠲᠦᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠢᠳᠡᠭᠡᠨ ᠤ ᠠᠮᠤᠷ ᠲᠦᠪᠰᠢᠨ ᠤ ᠠᠵᠢᠯ ᠳᠤ | ᠢᠮᠠᠭᠲᠠ ᠲᠤᠭᠤᠰᠢᠠᠯᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ | ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠠᠰᠠᠵᠤ ᠴᠡᠭᠴᠡᠯᠡᠬᠦ ᠠᠵᠢᠯ ᠢ | ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠤᠯᠪᠣᠭᠳᠠᠬᠤ ᠬᠡᠪᠴᠢᠶ᠎ᠡ ᠥᠷᠭᠡᠨ᠂ | ᠡᠭᠦᠷᠭᠡ ᠬᠦᠨᠳᠦ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ | ᠪᠣᠳᠠᠲᠠᠢ ᠳᠤ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ︽ᠬᠤᠶᠠᠷ ᠲᠥᠯᠥᠪᠵᠢᠭᠦᠯᠭᠡ︾ ᠨᠢ ᠭᠤᠣᠯ ᠬᠠᠷᠠᠯᠲᠠ ᠶᠢᠨ ᠲᠠᠯ᠎ᠠ ᠪᠠᠷ | ᠰᠢᠨᠵᠢᠯᠡᠬᠦ ᠤᠬᠠᠭᠠᠨᠴᠢ ᠴᠢᠨᠠᠷ ᠪᠣᠯᠤᠨ ᠪᠠᠷᠠᠭᠠᠯᠬᠢᠯᠠᠯᠳᠤ ᠴᠢᠨᠠᠷ ᠢ ᠢᠯᠡᠷᠡᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠪᠣᠯᠤᠮᠵᠢᠲᠤ ᠴᠢᠨᠠᠷ | ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠪᠠᠲᠤᠯᠠᠵᠤ᠂ ᠮᠠᠨ ᠤ ᠰᠢᠶᠠᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ | ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ | ᠵᠢᠶᠤᠤ ᠴᠢᠶᠠᠨ᠂ ᠪᠠᠢ ᠬᠠᠢ ᠯᠢᠨ᠂ ᠸᠠᠩ ᠬᠤᠢ ᠮᠢᠨ᠂ ᠵᠠᠩ ᠷᠦ ᠭᠠᠩ᠂ ᠯᠢᠦ ᠵᠢᠶᠠᠨ ᠴᠢᠶᠠᠩ᠂ ᠵᠠᠩ ᠰᠢᠶᠤᠤ ᠨᠢᠩ᠂ ᠬᠠᠢ ᠴᠢᠨ ᠬᠤᠷᠠᠯ ᠳᠤ | ᠣᠷᠣᠯᠴᠠᠪᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 11 ᠳ᠋ᠦ᠋ᠭᠡᠷ ᠤᠳᠠᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | ᠬᠤᠷᠠᠯ ᠳᠡᠭᠡᠷ᠎ᠡ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠶᠢᠨ ᠳᠡᠭᠡᠷ᠎ᠡ ᠬᠠᠭᠠᠰ ᠵᠢᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠢ ᠥᠷᠨᠢᠭᠦᠯᠦᠭᠰᠡᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ |