1—5 ᠳ᠋ᠤᠭᠠᠷ ᠰᠠᠷ᠎ᠠ ᠳᠤ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.8% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/7/4
      ︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠠᠴᠠ ᠨᠠᠰᠢ᠂ ᠮᠠᠨ ᠤ ᠬᠤᠲᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠵᠦ᠂ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃ 1—5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.8% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠢ ᠠᠴᠠ 2.6 ᠵᠠᠭᠤᠨ ᠤ ᠨᠢᠭᠡᠴᠢ ᠳᠠᠪᠠᠵᠤ᠂ ᠲᠦᠷᠭᠡᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃      ᠡᠭᠦᠨ ᠳᠤ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ S43 ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ᠂ ᠵᠢᠨᠱᠠᠨ ᠢᠯᠴᠢ ᠴᠠᠬᠢᠯᠭᠠᠨ ᠤ ᠦᠢᠯᠡᠳᠪᠦᠷᠢ ᠶᠢᠨ 2×66 ᠲᠦᠮᠡᠨ ᠺᠢᠯᠣᠸᠠᠲ ᠤᠨ ᠥᠷᠭᠡᠳᠬᠡᠨ ᠪᠠᠶᠢᠭᠤᠯᠬᠤ ᠲᠥᠷᠥᠯ ᠵᠦᠢᠯ ᠵᠡᠷᠭᠡ ᠴᠢᠬᠤᠯᠠ ᠶᠡᠭᠡ ᠢᠨᠵᠧᠨᠧᠷᠢᠩ ᠤᠨ ᠳᠠᠶᠢᠴᠢᠯᠠᠬᠤ ᠦᠢᠯᠡᠳᠦᠯ ᠳᠣᠣᠷ᠎ᠠ ᠳᠡᠭᠡᠳᠦ ᠬᠤᠷᠳᠤᠴᠠ ᠪᠠᠷ ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.2 ᠳᠠᠬᠢᠨ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢ 24.9 ᠵᠠᠭᠤᠨ ᠤ ᠨᠢᠭᠡᠴᠢ ᠳᠠᠶᠢᠴᠢᠯᠠᠵᠤ᠂ ᠳᠠᠶᠢᠴᠢᠯᠠᠬᠤ ᠦᠢᠯᠡᠳᠦᠯ ᠨᠢ ᠨᠡᠯᠢᠶᠡᠳ ᠢᠯᠡᠷᠬᠡᠢ ᠪᠣᠯᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ