︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠲᠣᠭᠲᠠᠭᠤᠨ ᠢᠶᠠᠷ | ᠠᠬᠢᠵᠤ᠂ 2022 ᠣᠨ ᠳᠤ ᠮᠠᠨ ᠤ ᠬᠤᠲᠠ 1042 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠳᠤ 1232 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠦᠷᠦᠯ ᠵᠦᠢᠯ 503 | ᠪᠠᠶᠢᠵᠤ᠂ ᠵᠢᠯ ᠳᠤ 783 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠤᠳᠤ ᠪᠣᠯᠬᠤ ᠳᠤ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ ᠡᠬᠢᠯᠡᠭᠦᠯᠵᠡᠢ᠃ | | ᠵᠢᠨᠱᠠᠨ ᠤ ᠢᠯᠴᠢ ᠴᠠᠬᠢᠯᠭᠠᠨ ᠤ ᠦᠢᠯᠡᠳᠪᠦᠷᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ᠂ ᠰᠢᠩᠭᠡᠨ ᠲᠥᠯᠥᠪᠲᠦ ᠰᠦ ᠶᠢᠨ ᠪᠦᠬᠦ ᠪᠥᠮᠪᠥᠷᠴᠡᠭ ᠤᠨ 5G ᠪᠣᠬᠢᠷᠳᠤᠯ | ᠦᠭᠡᠢ ᠦᠢᠯᠡᠳᠪᠦᠷᠢᠯᠡᠯ ᠤᠨ ᠵᠣᠬᠢᠶᠠᠮᠠᠯ ᠣᠶᠤᠨᠴᠢ ᠬᠡᠷᠡᠭᠯᠡᠭᠡᠨ ᠤ ᠵᠢᠱᠢᠶ᠎ᠡ ᠦᠵᠡᠭᠦᠯᠬᠦ ᠲᠦᠷᠦᠯ ᠵᠦᠢᠯ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ | ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠲᠤᠭ᠎ᠠ ᠪᠠᠷᠢᠮᠲᠠ ᠶᠢᠨ ᠬᠤᠷᠢᠨᠭᠡᠷ ᠰᠢᠨ᠎ᠡ ᠲᠣᠭᠤᠷᠢᠭ ᠤᠨ ᠲᠦᠷᠦᠯ ᠵᠦᠢᠯ᠂ ᠬᠥᠬᠡᠬᠤᠲᠠ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠣᠨ᠎ᠠ᠃ | |